1 ᠰᠠᠷ᠎ᠠ ᠶᠢᠨ 13 ᠤ ᠡᠳᠦᠷ᠂ ᠵᠠᠯᠠᠨ ᠠᠶᠢᠯ ᠬᠤᠲᠠ ︽ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠣᠶᠢᠯᠠᠯᠭ᠎ᠠ ︵2015 - 2024 | ︶︾ ᠶᠢ ᠨᠡᠶᠢᠲᠡᠯᠡᠬᠦ ᠬᠤᠷᠠᠯ ᠵᠢᠴᠢ ᠰᠣᠶᠣᠯ ᠲᠡᠦᠬᠡ ᠶᠢᠨ ᠠᠵᠢᠯ ᠤᠨ ᠶᠠᠷᠢᠯᠴᠠᠬᠤ ᠬᠤᠷᠠᠯ ᠬᠢᠪᠡ᠃ ᠬᠤᠲᠠ ᠶᠢᠨ ᠤᠳᠤᠷᠢᠳᠤᠯᠭ᠎ᠠ ᠵᠠᠩ ᠯᠢ ᠵᠢᠶᠦ᠋ᠨ᠂ ᠯᠢᠦ ᠭᠦᠸᠧ | ᠬᠤᠸᠠ᠂ ᠯᠢ ᠳ᠋ᠦᠩ ᠹᠠᠩ᠂ ᠯᠦ ᠶᠣᠣ᠂ ᠹᠠᠩ ᠫᠢᠩ᠂ ᠵᠢᠶᠣᠣ ᠵᠢᠶᠠᠨ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠨᠥᠬᠦᠳ ︽ᠵᠠᠯᠠᠨ ᠠᠶᠢᠯ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠣᠶᠢᠯᠠᠯᠭ᠎ᠠ ︵2015 - 2024︶︾ ᠶᠢᠨ ᠨᠣᠮ ᠪᠢᠴᠢᠭᠳᠡᠭᠰᠡᠨ ᠶᠠᠪᠤᠴᠠ ᠵᠡᠷᠭᠡ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠴᠢᠳᠠᠮᠵᠢ ᠪᠠ | ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ᠂ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ | ᠠᠬᠢᠭᠤᠯᠬᠤ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠠᠩ ᠯᠢ ᠵᠢᠶᠦ᠋ᠨ ᠢᠯᠡᠷᠬᠡᠶᠢᠯᠡᠬᠦ ᠳᠡᠭᠡᠨ᠂ ︽ᠵᠠᠯᠠᠨ ᠠᠶᠢᠯ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠣᠶᠢᠯᠠᠯᠭ᠎ᠠ ︵2015 - 2024︶︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠵᠠᠯᠠᠨ ᠠᠶᠢᠯ ᠬᠤᠲᠠ ᠶᠢᠨ 10 ᠵᠢᠯ ᠤᠨ ᠲᠡᠮᠡᠴᠡᠯ ᠤᠨ ᠲᠡᠦᠬᠡᠨ | ᠵᠠᠮ ᠮᠥᠷ ᠪᠠ ᠬᠡᠷᠡᠯ ᠰᠠᠴᠤᠷᠠᠩᠭᠤᠢ ᠠᠮᠵᠢᠯᠲᠠ ᠶᠢ ᠪᠥᠬᠦ ᠲᠠᠯ᠎ᠠ ᠪᠠᠷ ᠰᠢᠰᠲ᠋ᠧᠮ ᠲᠠᠢ ᠨᠠᠷᠢᠨ ᠪᠣᠳᠠᠲᠠᠢ ᠪᠠᠷ ᠲᠡᠮᠳᠡᠭᠯᠡᠨ ᠲᠣᠭᠠᠴᠢᠭᠰᠠᠨ ᠪᠠᠶᠢᠨ᠎ᠠ᠃ ︽ᠵᠠᠯᠠᠨ ᠠᠶᠢᠯ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠣᠶᠢᠯᠠᠯᠭ᠎ᠠ︾ ᠶᠢ ᠲᠠᠷᠬᠠᠭᠠᠭᠰᠠᠨ ᠨᠢ ᠤᠯᠤᠰ ᠲᠥᠷᠥ ᠶᠢᠨ ᠵᠥᠪᠯᠡᠯᠭᠡᠨ ᠤ ᠺᠠᠳ᠋ᠷ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠵᠣᠷᠢᠭ ᠰᠠᠨᠠᠭ᠎ᠠ ᠪᠠᠨ ᠰᠤᠷᠤᠯᠴᠠᠨ ᠵᠣᠷᠢᠭ ᠢᠶᠠᠨ ᠬᠡᠷᠡᠭᠯᠡᠬᠦ ᠰᠤᠷᠲᠠᠯ ᠢ ᠶᠡᠬᠡᠪᠡᠷ ᠬᠥᠭᠵᠢᠭᠡᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠯᠠᠨ ᠠᠶᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ | ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ | | |