ᠵᠠᠯᠠᠨ ᠠᠶᠢᠯ ᠬᠤᠲᠠ 2025 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
    3 ᠰᠠᠷ᠎ᠠ ᠶᠢᠨ 28 ᠤ ᠡᠳᠦᠷ᠂ ᠵᠠᠯᠠᠨ ᠠᠶᠢᠯ ᠬᠤᠲᠠ 2025 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠠᠵᠢᠯ ᠢᠶᠠᠨ ᠳ᠋ᠦᠩᠨᠡᠨ᠂ ᠲᠡᠷᠢᠭᠦᠨ  ᠢ ᠬᠥᠬᠢᠭᠦᠯᠦᠨ ᠰᠠᠶᠢᠰᠢᠶᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠪᠠ᠃ ᠵᠠᠯᠠᠨ ᠠᠶᠢᠯ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠦ  ᠸᠧᠨ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠷᠠᠯ ᠨᠢ ᠸᠢᠳᠢᠤ᠋ ᠶᠢᠨ ᠬᠡᠯᠪᠡᠷᠢ ᠪᠠᠷ ᠦᠨᠳᠦᠰᠦᠨ ᠱᠠᠲᠤᠨ ᠤ ᠠᠩᠭᠢ ᠶᠢᠨ ᠭᠠᠵᠠᠷ ᠲᠤ ᠶᠠᠪᠤᠭᠳᠠᠪᠠ᠃ 

1.jpg

 

    ᠬᠤᠷᠠᠯ ᠳᠡᠭᠡᠷ᠎ᠡ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠷᠢᠰ ᠴᠢᠬᠤᠯᠠ ᠬᠤᠷᠠᠯ ᠤᠨ ᠵᠣᠷᠢᠭ ᠰᠠᠨᠠᠭ᠎ᠠ ᠵᠢᠴᠢ ᠵᠠᠯᠠᠨ ᠠᠶᠢᠯ

ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠤᠯᠠᠮᠵᠢᠯᠠᠵᠤ᠂ ᠬᠤᠯᠪᠣᠭᠳᠠᠯ ᠪᠦᠬᠦᠢ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠱᠠᠩᠨᠠᠯ ᠣᠯᠣᠭᠰᠠᠨ ᠬᠠᠮᠲᠤ ᠨᠡᠶᠢᠲᠡ ᠪᠠ ᠬᠤᠪᠢ

ᠬᠥᠮᠥᠨ ᠳᠤ ᠱᠠᠩᠨᠠᠯ ᠭᠠᠷᠳᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ᠳᠡᠭᠡᠳᠦ ᠱᠠᠲᠤᠨ ᠤ

ᠪᠠᠶᠢᠭᠤᠯᠤᠯᠭ᠎ᠠ ᠶᠢᠨ ᠰᠢᠷᠢᠰ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ

ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠨᠢᠭᠡ ᠭᠤᠣᠯᠯᠠᠭᠴᠢ᠂ ᠬᠤᠶᠠᠷ ᠢ ᠴᠢᠩᠭᠠᠳᠬᠠᠬᠤ︾ ᠠᠵᠢᠯ ᠤᠨ ᠰᠡᠳᠬᠢᠮᠵᠢ ᠶᠢ ᠪᠥᠬᠦ

ᠲᠠᠯ᠎ᠠ ᠪᠠᠷ ᠪᠣᠶ ᠪᠣᠯᠭᠠᠵᠤ᠂ ᠠᠵᠢᠯ ᠤᠨ ᠳᠤᠮᠳᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠨ᠎ᠡ ᠴᠢᠨᠠᠷ ᠴᠢᠨᠰᠠᠭ᠎ᠠ ᠶᠢᠨ ᠳᠠᠶᠢᠴᠢᠨ ᠬᠦᠴᠦᠨ ᠢᠶᠠᠷ

ᠠᠵᠠ ᠲᠣᠬᠢᠶᠠᠯ ᠪᠣᠯᠭᠠᠵᠤ᠂ ᠪᠣᠳᠠᠲᠤ ᠳᠠᠶᠢᠨ ᠢᠶᠠᠷ ᠤᠳᠤᠷᠢᠳᠤᠮᠵᠢ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠳᠣᠲᠣᠭᠠᠳᠤ ᠶᠢ

ᠬᠠᠮᠠᠭᠠᠯᠠᠬᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ

ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃

 

ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ