ᠵᠠᠯᠠᠨ ᠠᠶᠢᠯ ᠬᠤᠲᠠ ᠬᠤᠶᠠᠷ ᠬᠤᠷᠠᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
    1 ᠰᠠᠷ᠎ᠠ ᠶᠢᠨ 14 ᠤ ᠡᠳᠦᠷ᠂ ᠵᠠᠯᠠᠨ ᠠᠶᠢᠯ ᠬᠤᠲᠠ ᠬᠤᠶᠠᠷ ᠬᠤᠷᠠᠯ ᠤᠨ ᠪᠡᠯᠡᠳᠬᠡᠯ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠰᠥᠩ ᠾᠦᠢ ᠬᠤᠷᠠᠯ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠹᠠᠩ ᠫᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠬᠤᠷᠠᠯ ᠤᠨ ᠪᠡᠯᠡᠳᠬᠡᠯ ᠠᠵᠢᠯ ᠤᠨ ᠳᠤᠭᠤᠶᠢᠯᠠᠩ ᠤᠨ ᠳᠠᠷᠤᠭ᠎ᠠ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃  

2.jpg

   

    ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠠᠵᠢᠯ ᠤᠨ ᠳᠤᠭᠤᠶᠢᠯᠠᠩ ᠤᠨ

ᠬᠠᠷᠢᠭᠤᠴᠠᠯᠭᠠᠲᠠᠨ ᠬᠤᠶᠠᠷ ᠬᠤᠷᠠᠯ ᠤᠨ ᠪᠡᠯᠡᠳᠬᠡᠯ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠪᠦᠷᠢᠯᠳᠦᠭᠦᠨ

ᠨᠢᠭᠡᠴᠡ ᠨᠦᠭᠦᠳ ᠲᠣᠰ ᠲᠣᠰ ᠤᠨ ᠠᠵᠢᠯ ᠤᠨ ᠡᠭᠦᠷᠭᠡ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ᠂ ᠪᠦᠬᠦ ᠬᠤᠳᠠ ᠶᠢᠨ ᠡᠯ᠎ᠡ

ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠬᠤᠶᠠᠷ ᠬᠤᠷᠠᠯ ᠤᠨ

ᠵᠥᠪᠯᠡᠬᠦ ᠵᠦᠢᠯ ᠤᠨ ᠲᠣᠬᠢᠷᠠᠭᠤᠯᠤᠯᠲᠠ ᠪᠣᠯᠣᠨ ᠪᠡᠯᠡᠳᠬᠡᠯ ᠠᠵᠢᠯ ᠤᠨ ᠲᠥᠰᠥᠯ ᠶᠣᠰᠣᠭᠠᠷ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠣᠨ

ᠡᠭᠦᠷᠭᠡᠲᠦ ᠰᠡᠳᠬᠢᠯᠭᠡ ᠪᠠᠷ ᠥᠪᠡᠷ ᠥᠪᠡᠷ ᠤᠨ ᠡᠭᠦᠷᠭᠡᠯᠡᠭᠰᠡᠨ ᠠᠵᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂

ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠥᠭᠡᠳ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃

ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠴᠢᠩᠭᠠᠳᠬᠠᠵᠤ᠂ ᠭᠤᠯᠳᠤ ᠪᠠᠷ ᠵᠣᠯᠭᠠᠭᠤᠯᠬᠤ᠂

ᠬᠥᠨᠳᠡᠯᠡᠨ ᠢᠶᠠᠷ ᠨᠡᠪᠲᠡᠷᠡᠯᠴᠡᠬᠦ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ ᠶᠢ ᠴᠢᠨᠠᠷ ᠰᠠᠶᠢᠲᠠᠢ

ᠥᠨᠳᠥᠷ ᠪᠦᠲᠦᠮᠵᠢᠲᠡᠢ ᠰᠠᠶᠢᠲᠤᠷ ᠬᠢᠵᠦ᠂ ᠬᠤᠶᠠᠷ ᠬᠤᠷᠠᠯ ᠤᠨ ᠤᠷᠤᠭᠰᠢᠲᠠᠢ ᠬᠤᠷᠠᠯᠳᠤᠬᠤ ᠶᠢᠨ ᠬᠠᠮᠲᠤ ᠲᠡᠭᠦᠰ ᠠᠮᠵᠢᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ

ᠭᠡᠵᠦ ᠵᠢᠭᠠᠵᠤ ᠭᠠᠷᠭᠠᠪᠠ᠃

ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ