︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠎ᠠ︾ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/15
    3 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠩᠰᠢᠬᠤ ᠠᠩᠭᠢ ᠡᠷᠭᠢᠯᠡᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠠ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠠᠵᠠᠷ ᠤᠨ ᠲᠠᠰ ᠤᠨ ᠤᠳᠤᠷᠢᠳᠬᠤ ᠨᠥᠬᠦᠳ ᠤᠨ ᠤᠷᠢᠳᠠᠪᠠᠷ ᠰᠤᠷᠤᠯᠴᠠᠬᠤ ᠪᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠡᠷᠭᠢᠯᠡᠪᠡ᠃    ᠨᠣᠮ ᠤᠩᠰᠢᠬᠤ ᠠᠩᠭᠢ ᠶᠢ ᠲᠤᠰᠬᠠᠢ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠸᠢᠳᠢᠤ᠋ ᠶᠢᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ  ᠫᠷᠣᠹᠧᠰᠰᠣᠷ ᠤᠨ ᠲᠤᠰᠬᠠᠢ ᠰᠡᠳᠦᠪᠲᠦ ᠵᠢᠯᠣᠭᠤᠳᠤᠯᠭ᠎ᠠ ᠶᠢ ᠰᠣᠨᠣᠰᠴᠠᠢ᠃     ᠪᠠᠢ ᡁᠢ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠲᠠᠷᠴᠣᠳ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ  ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ  ᠪᠠᠨ ᠳᠡᠭᠡᠭᠰᠢᠯᠡᠭᠦᠯᠬᠦ ᠪᠠᠷ ᠰᠣᠷᠣᠯᠴᠠᠬᠤ᠂ ᠲᠡᠷᠡ ᠬᠡᠪ ᠢᠶᠠᠷ ᠨᠢ ᠰᠤᠷᠤᠯᠴᠠᠬᠤ᠂ ᠨᠡᠪᠲᠡᠷᠡᠲᠡᠯ᠎ᠡ ᠣᠶᠢᠯᠠᠭᠠᠵᠤ ᠨᠡᠪᠲᠡᠷᠡᠲᠡᠯ᠎ᠡ ᠰᠤᠷᠤᠯᠴᠠᠬᠤ᠂ ᠲᠦᠷᠦᠭᠦᠯᠡᠨ ᠵᠢᠱᠢᠶ᠎ᠡ ᠦᠵᠡᠭᠦᠯᠬᠦ  ᠪᠠᠷ ᠰᠣᠷᠣᠯᠴᠠᠬᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠵᠤ᠂ ᠦᠢᠯᠡ ᠠᠵᠢᠯᠯᠠᠭ᠎ᠠ ᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ  ᠺᠠᠲᠠᠷᠴᠣᠳ ᠤᠨ ︽ᠰᠠᠨᠠᠭᠠᠴᠢᠯᠠᠭᠠᠲᠤ ᠪᠤᠰᠤ ᠬᠢᠵᠠᠭᠠᠷᠯᠠᠯ︾ ᠠᠴᠠ ︽ᠰᠠᠨᠠᠭᠠᠴᠢᠯᠠᠭ᠎ᠠ ᠠᠴᠠ ᠪᠠᠨ ᠵᠢᠷᠤᠮᠯᠠᠬᠤ︾ ᠲᠡᠰᠢ ᠰᠢᠯᠵᠢᠬᠦ ᠶᠢ ᠡᠷᠡᠰ ᠲᠠᠶᠢᠴᠢᠯᠠᠵᠦ᠂ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠡᠳᠦᠷ ᠲᠤᠳᠤᠮ ᠤᠨ ᠳᠠᠳᠬᠠᠯ ᠪᠠ ᠤᠬᠠᠮᠰᠠᠷ ᠠᠴᠠ ᠪᠠᠨ ᠵᠢᠷᠤᠮᠯᠠᠬᠤ ᠪᠣᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠨᠢᠭᠡ ᠭᠤᠣᠯ ᠰᠢᠵᠢᠮ ᠳᠤ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠋ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ᠬᠤᠶᠠᠷ ᠢ ᠬᠤᠪᠢᠷᠠᠭᠤᠯᠬᠤ︾ ᠶᠢ ᠠᠬᠢᠭᠤᠯᠬᠤ᠂ ︽ᠵᠢᠷᠭᠤᠭ᠎ᠠ ᠶᠢ ᠲᠦᠷᠦᠭᠦᠨ ᠳᠤᠨᠢ ᠶᠠᠪᠤᠭᠳᠠᠭᠤᠯᠬᠤ︾ ᠶᠢ ᠪᠡᠶᠡᠯᠡᠭᠦᠯᠬᠦ ᠵᠡᠷᠭᠡ ᠭᠤᠣᠯ ᠠᠵᠢᠯ ᠲᠠᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠷᠢᠭᠤᠨ ᠴᠢᠬᠡᠴᠢ᠂ ᠠᠷᠠᠳ ᠲᠦᠮᠡᠨ ᠳᠤ ᠦᠢᠯᠡᠴᠢᠯᠡᠬᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠳᠡᠭᠡᠷ᠎ᠡ ᠢᠯᠡᠷᠡᠭᠦᠯᠵᠦ᠂ ᠰᠤᠷᠲᠠᠯ ᠤᠨ ᠬᠤᠪᠢᠷᠠᠭᠤᠯᠤᠯᠲᠠ ᠪᠠᠷ ᠠᠵᠢᠯ ᠤᠨ ᠳᠡᠭᠡᠭᠰᠢᠯᠡᠯᠲᠡ᠂ ᠬᠥᠭᠵᠢᠯᠲᠡ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠬᠤᠶᠠᠷ ᠡᠳᠦᠷ ᠤᠨ ᠲᠤᠷᠰᠢ᠂ ᠰᠤᠷᠤᠯᠴᠠᠯᠭ᠎ᠠ ᠳᠤ ᠣᠷᠣᠯᠴᠠᠭᠰᠠᠨ ᠤᠳᠤᠷᠢᠳᠬᠤ ᠨᠥᠬᠦᠳ ᠵᠢᠭᠠᠨ ᠲᠣᠭᠲᠠᠭᠠᠭᠰᠠᠨ ᠨᠣᠮ ᠪᠣᠯᠣᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠪᠠᠷ ᠳᠠᠮᠵᠢᠭᠤᠯᠵᠤ᠂ ᠭᠤᠣᠯ  ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭᠠᠨ ᠤ ᠲᠠᠯ᠎ᠠ ᠪᠠᠷ ᠤᠬᠢᠶᠠᠯ ᠬᠦᠷᠲᠡᠵᠦ᠂ ᠨᠠᠮᠴᠢ ᠴᠢᠨᠠᠷ ᠤᠨ ᠲᠠᠯ᠎ᠠ ᠪᠠᠷ ᠳᠠᠪᠲᠠᠭᠳᠠᠨ ᠪᠣᠯᠪᠠᠰᠤᠷᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠠᠢ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ