3 ᠰᠠᠷ᠎ᠠ ᠶᠢᠨ 25 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ | ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠥᠬᠦ ᠤᠯᠤᠰ ᠤᠨ ᠬᠤᠶᠠᠷ | ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠸᠢᠳᠢᠤ᠋ ᠶᠢ ᠦᠵᠡᠬᠦ ᠪᠠ ᠲᠤᠬᠠᠢ ᠶᠢᠨ ᠲᠠᠯᠠᠪᠤᠷ ᠲᠤ ᠳᠠᠭᠠᠭᠤᠯᠤᠨ ᠰᠤᠷᠤᠯᠴᠠᠬᠤ ᠠᠷᠭ᠎ᠠ ᠬᠡᠯᠪᠡᠷᠢ ᠪᠠᠷ ᠳᠠᠮᠵᠢᠨ᠂ ᠶᠡᠷᠦᠩᠬᠡᠢ ᠱᠦᠵᠢ | ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠶᠡᠷᠦᠩᠬᠡᠢ ᠰᠠᠶᠢᠳ ᠯᠢ ᠴᠢᠶᠠᠩ ᠤᠨ ᠪᠥᠬᠦ ᠤᠯᠤᠰ ᠤᠨ ᠬᠤᠶᠠᠷ ᠬᠤᠷᠠᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠬᠢᠭᠰᠡᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠭᠤᠣᠯ ᠵᠣᠷᠢᠭ ᠰᠠᠨᠠᠭ᠎ᠠ ᠵᠢᠴᠢ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ | ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ | ᠃ | ᠪᠠᠢ ᡁᠢ ᠵᠢᠶᠦ᠋ᠨ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠦ᠂ ᠨᠠᠷᠢᠨ ᠣᠶᠢᠯᠠᠭᠠᠵᠤ᠂ ᠦᠨᠡᠨᠬᠦ ᠬᠡᠷᠡᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ︽ᠬᠤᠶᠠᠷ ᠢ ᠲᠣᠭᠲᠠᠭᠠᠬᠤ︾ ᠶᠢ | ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠪᠠᠷᠢᠮᠵᠢᠶ᠎ᠠ ᠶᠢ ᠨᠢ ᠬᠠᠷᠭᠤᠭᠤᠯᠵᠤ | ᠬᠦᠰᠦᠨᠦᠭᠲᠦ ᠶᠢ ᠨᠢ ᠲᠠᠭᠠᠷᠠᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ᠂ ︽ᠬᠤᠶᠠᠷ ᠢ ᠬᠤᠪᠢᠷᠠᠭᠤᠯᠬᠤ︾ ᠶᠢ ᠠᠬᠢᠭᠤᠯᠬᠤ᠂ ︽ᠵᠢᠷᠭᠤᠭ᠎ᠠ ᠶᠢ ᠲᠦᠷᠦᠭᠦᠨ ᠳᠤᠨᠢ ᠶᠠᠪᠤᠭᠤᠯᠬᠤ︾ ᠶᠢ ᠪᠡᠶᠡᠯᠡᠭᠦᠯᠬᠦ ᠵᠡᠷᠭᠡ ᠭᠤᠣᠯ ᠠᠵᠢᠯ ᠤᠨ | ᠲᠣᠭᠤᠷᠢᠨ ᠳᠤ᠂ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠪᠠᠷᠢᠮᠵᠢᠶ᠎ᠠ ᠲᠠᠢ ᠬᠠᠷᠢᠴᠠᠭᠤᠯᠤᠨ ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ︽ᠨᠢᠭᠡ | ᠵᠢᠷᠤᠭ︾ ᠢᠶᠠᠷ ᠬᠥᠭᠵᠢᠯᠲᠡ ᠶᠢ ᠡᠷᠢᠯᠬᠢᠯᠡᠬᠦ᠂ ︽ᠨᠢᠭᠡ ᠬᠥᠯᠭᠡ ᠰᠢᠲᠠᠷ᠎ᠠ︾ ᠪᠠᠷ ᠪᠦᠲᠦᠭᠡᠨ ᠪᠠᠶᠢᠭᠤᠯᠤᠯᠲᠠ ᠬᠢᠬᠦ᠂ ︽ᠨᠢᠭᠡ ᠱᠤᠭᠤᠮ︾ ᠢᠶᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨᠬᠦ ᠪᠤᠢ ᠪᠣᠯᠭᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠨᠠᠶᠢᠳᠠᠪᠤᠷᠢᠵᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠪᠠᠢ ᡁᠢ ᠵᠢᠶᠦ᠋ᠨ ᠱᠠᠭᠠᠷᠳᠠᠭᠰᠠᠨ ᠨᠢ᠂ ᠪᠦᠬᠦ ᠤᠯᠤᠰ ᠤᠨ ᠬᠤᠶᠠᠷ ᠬᠤᠷᠠᠯ ᠠᠴᠠ ᠳᠤᠷᠠᠳᠤᠭᠰᠠᠨ ᠰᠢᠨ᠎ᠡ ᠬᠠᠷᠠᠯᠲᠠ᠂ ᠰᠢᠨ᠎ᠡ ᠪᠠᠶᠢᠷᠢᠯᠠᠭᠤᠯᠤᠯᠲᠠ᠂ ᠰᠢᠨ᠎ᠡ | ᠱᠠᠭᠠᠷᠳᠠᠯᠭ᠎ᠠ ᠶᠣᠰᠣᠭᠠᠷ᠂ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠣᠳᠣᠬᠠᠨ ᠤ ᠠᠵᠤ ᠠᠬᠤᠢ ᠶᠢᠨ | ᠠᠵᠢᠯᠯᠠᠭᠠᠨ ᠤ ᠪᠠᠶᠢᠳᠠᠯ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ | ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ | ᠵᠦᠢᠯ ᠤᠨ ᠲᠤᠭ᠎ᠠ ᠪᠠᠷᠢᠮᠲᠠ ᠶᠢ ᠪᠦᠷᠢᠳᠬᠡᠬᠦ ᠪᠠ ᠵᠠᠳᠠᠯᠬᠤ ᠶᠢ ᠵᠡᠷᠭᠡᠪᠡᠷ ᠰᠠᠶᠢᠲᠤᠷ ᠬᠢᠵᠦ᠂ ᠨᠢᠭᠡᠳᠦᠭᠡᠷ ᠤᠯᠠᠷᠢᠯ ᠳᠤ ︽ᠡᠭᠦᠳᠡ ᠪᠠᠨ ᠲᠣᠭᠲᠠᠭᠤᠨ ᠨᠡᠭᠡᠭᠡᠵᠦ ︾ | ︽ᠡᠬᠢᠯᠡᠯᠲᠡ ᠲᠠᠢ ᠪᠣᠯᠬᠤ︾ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠭᠦᠢᠴᠡᠳ | ᠰᠤᠷᠤᠯᠴᠠᠨ ᠲᠣᠯᠢ ᠪᠣᠯᠭᠠᠵᠤ᠂ ᠠᠵᠢᠯᠯᠠᠬᠤ ᠠᠷᠭ᠎ᠠ ᠪᠠᠨ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ | ᠂ ᠪᠠᠶᠢᠳᠠᠯ ᠢ ᠲᠣᠳᠣᠷᠬᠠᠢ ᠣᠶᠢᠯᠠᠭᠠᠨ᠂ ᠰᠠᠭᠤᠷᠢ ᠪᠠᠨ ᠪᠣᠳᠠᠲᠠᠶᠢᠵᠢᠭᠤᠯᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ | ᠲᠤᠷᠰᠢᠯᠲᠠ ᠶᠢᠨ ᠠᠵᠢᠯ ᠤᠨ ᠦᠷ᠎ᠡ ᠪᠦᠲᠦᠭᠡᠯ ᠲᠤᠷᠰᠢᠨ ᠭᠠᠷᠭᠠᠬᠤ᠂ ᠲᠤᠷᠰᠢᠯᠭ᠎ᠠ ᠲᠤᠷᠰᠢᠨ ᠭᠠᠷᠭᠠᠬᠤ᠂ ᠬᠢᠯᠠᠰ ᠴᠡᠭ ᠢ ᠲᠤᠷᠰᠢᠨ ᠭᠠᠷᠭᠠᠬᠤ ᠶᠢ ᠦᠨᠡᠨᠬᠦ | ᠪᠠᠲᠤᠯᠠᠵᠤ᠂ ᠡᠯ᠎ᠡ ᠹᠷᠣᠨᠲ᠂ ᠡᠯ᠎ᠡ ᠬᠦᠷᠢᠶᠡᠨ ᠤ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ︽ᠵᠢᠷᠭᠤᠭ᠎ᠠ ᠶᠢ ᠲᠡᠷᠢᠭᠦᠨ ᠳᠤ ᠶᠠᠪᠤᠬᠤ︾ ᠬᠠᠷᠠᠯᠲᠠ ᠶᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ | | |