ᠵᠠᠯᠠᠨ ᠠᠶᠢᠯ ᠬᠤᠲᠠ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
    4 ᠰᠠᠷ᠎ᠠ ᠶᠢᠨ 9 ᠤ ᠡᠳᠦᠷ᠂ ᠵᠠᠯᠠᠨ ᠠᠶᠢᠯ ᠬᠤᠲᠠ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠲᠢᠶᠠᠨ ᠰᠢᠦᠢ᠂ ᠰᠥᠩ  ᠾᠦᠢ᠂ ᠯᠦ ᠶᠣᠣ ᠵᠢᠴᠢ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠭᠰᠡᠨ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ︽ᠣᠶᠢᠯᠠᠭᠠᠬᠤ ᠰᠡᠳᠬᠢᠬᠦᠢ︾ ᠶᠢ ᠠᠵᠢᠯ ᠤᠨ ᠡᠬᠢᠨ ᠠᠴᠠ ᠠᠳᠠᠭ ᠲᠤ ᠬᠦᠷᠲᠡᠯ᠎ᠡ ᠲᠤᠤᠱᠯᠠᠭᠤᠯᠵᠤ᠂ ᠲᠥᠯᠥᠭᠡᠯᠡᠭᠴᠢ ᠭᠡᠰᠢᠭᠦᠨ ᠤ ᠤᠶᠤᠨ ᠤᠬᠠᠭᠠᠨ ᠤ ᠤᠬᠢ ᠪᠦᠲᠦᠭᠡᠯ ᠢ ︽ᠬᠤᠶᠠᠷ ᠶᠡᠭᠡ ᠶᠠᠪᠤᠳᠠᠯ︾  ᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠋ ᠢ ᠠᠬᠢᠭᠤᠯᠬᠤ᠂︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠬᠤ᠂ ︽ᠶᠢᠰᠦᠨ ᠲᠡᠷᠢᠭᠦᠨ ᠤ ᠪᠣᠯᠬᠤ ᠪᠠᠷ ᠲᠡᠮᠡᠴᠡᠬᠦ︾ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠡᠶᠡᠯᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠵᠦ᠂ ᠵᠠᠯᠠᠨ ᠠᠶᠢᠯ ᠤᠨ ᠬᠥᠭᠵᠢᠯᠲᠡ ᠶᠢᠨ ᠴᠣ᠋ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ