ᠵᠠᠯᠠᠨ ᠠᠶᠢᠯ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
    ᠲᠦᠷᠦᠭᠦᠬᠡᠨ᠂ ᠵᠠᠯᠠᠨ ᠠᠶᠢᠯ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠲᠠ  ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ  ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠦ ᠸᠧᠨ ᠹᠧᠩ ᠬᠤᠷᠠᠯ ᠳᠤ ᠣᠷᠣᠯᠴᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠩᠬᠠᠳᠤᠭᠠᠷ ᠤᠳᠠᠭ᠎ᠠ ᠶᠢᠨ ᠲᠣᠬᠢᠷᠠᠭᠤᠯᠭ᠎ᠠ ᠶᠢᠨ ᠬᠤᠷᠠᠯ ᠪᠣᠯᠣᠨ ᠬᠥᠯᠥᠨ ᠪᠤᠶᠢᠷ ᠬᠤᠳᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠦᠷᠪᠡᠨ ᠬᠤᠯᠪᠣᠭᠳᠠᠯ ᠪᠦᠬᠦᠢ ᠬᠦᠷᠢᠶᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠪᠥᠬᠦ ᠬᠤᠲᠠ ᠶᠢᠨ 2024 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠦᠷ᠎ᠡ ᠪᠦᠲᠦᠮᠵᠢ ᠪᠠ ᠳᠤᠲᠠᠭᠤᠳᠠᠯ ᠢ ᠳ᠋ᠦᠩᠨᠡᠭᠰᠡᠨ ᠪᠥᠭᠡᠳ 2025 ᠣᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠋ ᠤᠨ ᠨᠢᠭᠡ ᠪᠣᠯᠤᠭᠰᠠᠨ ᠤ ᠬᠤᠪᠢ ᠳᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠳᠠᠶᠢᠴᠢᠯᠠᠬᠤ ᠴᠢᠨᠠᠷᠲᠠᠢ᠂  ᠬᠦᠰᠢᠭᠦᠷᠭᠡ ᠶᠢᠨ ᠴᠢᠨᠠᠷᠲᠠᠢ ᠦᠢᠯᠡᠳᠦᠯ ᠲᠠᠢ ᠶᠤᠮ᠃ ᠡᠯ᠎ᠡ ᠰᠠᠯᠠᠭ᠎ᠠ ᠮᠥᠴᠢᠷ ᠤᠨ ᠬᠢᠨ 2024 ᠣᠨ ᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ