1 ᠰᠠᠷ᠎ᠠ ᠶᠢᠨ 10 ᠤ ᠡᠳᠦᠷ᠂ ᠵᠠᠯᠠᠨ ᠠᠶᠢᠯ ᠬᠤᠲᠠ ᠪᠥᠬᠦ ᠬᠤᠲᠠ ᠶᠢᠨ ᠲᠠᠷᠢᠶᠠᠨ ᠭᠠᠵᠠᠷ ᠤᠨ ᠠᠰᠢᠭᠯᠠᠯᠲᠠ ᠶᠢᠨ ᠪᠠᠶᠢᠳᠠᠯ ᠤᠨ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠠᠵᠢᠯ ᠤᠨ | ᠱᠠᠭᠠᠷᠳᠠᠯᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠤᠨ ᠠᠰᠢᠭᠯᠠᠯᠲᠠ ᠶᠢᠨ ᠪᠠᠶᠢᠴᠠᠭᠠᠯᠲᠠ ᠶᠢᠨ ᠶᠠᠪᠤᠳᠠᠯ ᠢ | ᠰᠤᠳᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠧᠩ ᠭᠠᠩ ᠬᠤᠷᠠᠯ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠰᠦᠨ ᠰᠢᠸ ᠹᠧᠢ᠂ ᠵᠠᠩ ᠯᠢ ᠵᠢᠶᠦ᠋ᠨ | ᠵᠢᠴᠢ ᠪᠤᠰᠤᠳ ᠬᠤᠲᠠ ᠶᠢᠨ ᠲᠠᠰ ᠤᠨ ᠤᠳᠤᠷᠢᠳᠬᠤ ᠨᠥᠬᠦᠳ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ | ᠬᠤᠷᠠᠯ ᠳᠤ ᠣᠷᠣᠯᠴᠠᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ | ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠦᠨᠡᠨᠬᠦ ᠴᠢᠬᠤᠯᠠᠴᠢᠯᠠᠵᠤ᠂ ᠪᠠᠴᠢᠮ ᠪᠠᠶᠢᠳᠠᠯ ᠲᠠᠢ | ᠪᠣᠯᠭᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠳᠤᠮᠳᠠ ᠪᠠᠨ ᠭᠤᠣᠯᠳᠠᠯᠭ᠎ᠠ ᠪᠠᠨ ᠳᠣᠪᠤᠶᠢᠯᠭᠠᠵᠤ᠂ ᠵᠠᠩᠭᠢᠯᠠᠭ᠎ᠠ ᠶᠢ ᠠᠳᠬᠤᠨ᠂ | ᠪᠠᠶᠢᠳᠠᠯ ᠢ ᠣᠶᠢᠯᠠᠭᠠᠨ ᠪᠠᠶᠢᠴᠠᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ︽ | ᠳᠥᠷᠪᠡ ᠶᠢ ᠨᠢᠭᠡᠳᠬᠡᠬᠦ︾ ᠶᠢ ᠪᠡᠶᠡᠯᠡᠭᠦᠯᠵᠦ᠂ ᠡᠯ᠎ᠡ ᠬᠦᠷᠢᠶ᠎ᠡ ᠪᠣᠯᠣᠨ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠣᠷᠣᠨ ᠤ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ | ᠵᠢᠯᠤᠭᠤᠳᠴᠤ᠂ ᠠᠵᠢᠯ ᠤᠨ ᠳᠤᠮᠳᠠ ᠢᠯᠡᠷᠡᠭᠰᠡᠨ ᠲᠦᠭᠵᠢᠷᠡᠯ ᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠷᠬᠡᠰᠢᠶᠡᠬᠦ ᠰᠡᠳᠬᠢᠯᠭᠡ ᠶᠢ ᠲᠡᠪᠴᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠤᠪᠢᠷᠠᠭᠤᠯᠬᠤ | ᠦᠭᠡᠢ᠂ ᠳᠤᠲᠠᠭᠤ ᠲᠤᠷᠭᠤᠨ ᠶᠠᠪᠤᠭᠳᠠᠭᠤᠯᠬᠤ ᠦᠭᠡᠢ ᠪᠠᠶᠢᠵᠤ᠂ ᠲᠤᠰ ᠭᠠᠵᠠᠷ ᠣᠷᠣᠨ ᠤ ᠲᠠᠷᠢᠶᠠᠨ ᠭᠠᠵᠠᠷ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ | ᠯᠠᠪᠳᠠᠭᠤᠨ ᠪᠣᠯᠭᠤᠮᠵᠢᠲᠠᠢ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠬᠤᠳᠠ ᠶᠢᠨ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ | ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠲᠠᠨ ᠢ ᠪᠣᠯᠪᠠᠰᠤᠷᠠᠭᠤᠯᠬᠤ᠂ ᠬᠥᠳᠡᠯᠦᠩᠭᠦᠢ ᠪᠠᠷ ᠴᠤᠭᠯᠠᠭᠤᠯᠬᠤ | ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠲᠤᠰᠬᠠᠢ ᠠᠵᠢᠯ ᠤᠨ ᠳᠤᠭᠤᠶᠢᠯᠠᠩ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠮᠥᠷᠲᠡᠭᠡᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠢ ᠳᠤᠨᠢ ᠳ᠋ᠦᠩᠨᠡᠵᠦ᠂ | ᠠᠵᠢᠯ ᠤᠨ ᠠᠷᠭ᠎ᠠ ᠶᠢ ᠡᠵᠡᠮᠰᠢᠵᠦ᠂ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ | | ᠬᠤᠷᠠᠯ ᠳᠡᠭᠡᠷ᠎ᠡ ᠪᠠᠰᠠ ︽ᠵᠠᠯᠠᠨ ᠠᠶᠢᠯ ᠬᠤᠲᠠ ᠶᠢᠨ ᠲᠠᠷᠢᠶᠠᠨ ᠭᠠᠵᠠᠷ ᠤᠨ ᠪᠠᠶᠢᠳᠠᠯ ᠤᠨ ᠠᠰᠢᠭᠯᠠᠯᠲᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ | ᠠᠵᠢᠯ ᠤᠨ ᠲᠥᠰᠥᠯ︾ ᠢ ᠨᠠᠷᠢᠨ ᠲᠠᠶᠢᠯᠪᠤᠷᠢᠯᠠᠪᠠ᠃ | | |