4 ᠰᠠᠷ᠎ᠠ ᠶᠢᠨ 2 ᠤᠨ ᠡᠳᠦᠷ᠂ ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | 123 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ | ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ | ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠵᠠᠯᠠᠨ ᠠᠶᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠤ ᠦᠢᠯᠡᠰ ᠤᠨ ᠲᠡᠰ ᠳᠡᠪᠰᠢᠬᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ᠂ ᠨᠠᠮ ᠢ ᠬᠠᠮᠢᠶᠠᠷᠴᠤ ᠨᠠᠮ ᠢ ᠵᠠᠰᠠᠬᠤ᠂ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠤᠳᠤᠯᠤᠯᠲᠠ | ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠬᠦ ᠠᠰᠠᠭᠤᠳᠠᠯ ᠢ ᠡᠷᠡᠰ ᠬᠤᠷᠢᠭᠯᠠᠵᠤ᠂ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ᠂ ᠬᠥᠯᠥᠨ ᠪᠤᠶᠢᠷ ᠬᠤᠲᠠ ᠶᠢᠨ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠮᠡᠯ ᠹᠷᠣᠨᠲ ᠢ | ᠰᠤᠳᠤᠯᠤᠨ ᠬᠢᠨᠠᠨ ᠵᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠬᠠᠤᠯᠢ ᠶᠣᠰᠣᠭᠠᠷ ᠬᠤᠲᠠ ᠶᠢ | ᠵᠠᠰᠠᠬᠤ᠂ ᠰᠦᠯᠵᠢᠶᠡᠨ ᠤ ᠮᠡᠳᠡᠭᠡ ᠵᠠᠩᠭᠢ᠂ ᠴᠡᠷᠢᠭ ᠠᠴᠠ ᠬᠠᠯᠠᠭᠳᠠᠭᠰᠠᠳ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠵᠡᠷᠭᠡ ᠤᠴᠢᠷ ᠶᠠᠪᠤᠳᠠᠯ ᠢ ᠰᠤᠳᠤᠯᠤᠨ ᠵᠥᠪᠯᠡᠵᠦ᠂ ᠨᠠᠮ ᠤᠨ ᠡᠯ᠎ᠡ ᠵᠦᠢᠯ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ︽ᠨᠢᠭᠡ ᠱᠤᠭᠤᠮ︾ ᠤᠨ ᠠᠵᠢᠯ ᠤᠨ ᠠᠷᠭ᠎ᠠ ᠶᠣᠰᠣᠭᠠᠷ᠂ ᠣᠨ ᠤ ᠬᠠᠷᠠᠯᠲᠠ ᠡᠭᠦᠷᠭᠡ ᠶᠢ ᠲᠣᠭᠲᠠᠭᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠶᠠᠪᠤᠴᠠ ᠳᠤ ᠮᠥᠷᠳᠡᠨ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ | ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | | |