ᠵᠠᠯᠠᠨ ᠠᠶᠢᠯ ᠬᠤᠲᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
    1 ᠰᠠᠷ᠎ᠠ ᠶᠢᠨ 10 ᠤ ᠡᠳᠦᠷ᠂ ᠵᠠᠯᠠᠨ ᠠᠶᠢᠯ ᠬᠤᠲᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠧᠩ ᠭᠠᠩ ᠬᠤᠷᠠᠯ ᠡᠷᠭᠢᠯᠡᠪᠡ᠃ ᠰᠦᠨ ᠰᠢᠸ ᠹᠧᠢ᠂ ᠵᠠᠩ ᠯᠢ ᠵᠢᠶᠦ᠋ᠨ ᠵᠡᠷᠭᠡ ᠬᠤᠳᠠ ᠶᠢᠨ ᠤᠳᠤᠷᠢᠳᠤᠯᠭ᠎ᠠ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ ᠶᠢᠨ ᠪᠤᠰᠤᠳ ᠤᠳᠤᠷᠢᠳᠬᠤ ᠪᠠᠭ ᠤᠨ ᠪᠦᠷᠢᠯᠳᠦᠭᠦᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠠᠵᠢᠯ ᠤᠨ ᠴᠢᠭᠯᠡᠯ ᠪᠣᠯᠣᠨ ᠶᠡᠷᠦᠩᠬᠡᠢ ᠰᠡᠳᠬᠢᠴᠡ ᠨᠢᠭᠡᠨᠲᠡ ᠮᠠᠰᠢ ᠲᠣᠳᠣᠷᠬᠠᠢ᠂ ᠪᠦᠬᠦ ᠬᠤᠳᠠ ᠪᠠᠷ ᠢᠶᠠᠨ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠶᠢᠰᠪᠦᠷᠢ ᠵᠦᠢᠯ ᠠᠴᠠ ᠠᠩᠭᠢᠵᠢᠷᠠᠵᠤ ᠪᠣᠳᠠᠲᠠᠢ ᠳᠤ ᠴᠢᠭᠯᠡᠭᠦᠯᠬᠦ ᠢᠯᠡ ᠲᠣᠳᠣ ᠤᠳᠤᠷᠢᠳᠤᠮᠵᠢ ᠶᠢ ᠪᠠᠲᠤᠳᠬᠠᠵᠤ᠂ ︽ᠡᠬᠢᠯᠡᠮᠡᠭᠴᠡ ᠰᠢᠪᠲᠤᠯᠤᠯᠲᠠ ᠬᠢᠬᠦ︾ ᠡᠷᠡᠰ ᠵᠣᠷᠢᠭ ᠪᠣᠯᠣᠨ ᠡᠷᠴᠢ ᠵᠣᠷᠢᠭ ᠢ ᠬᠥᠪᠴᠢᠯᠡᠵᠦ᠂ ᠡᠯ᠎ᠡ ᠵᠦᠢᠯ ᠤᠨ ᠠᠵᠢᠯ ᠢ ᠬᠥᠯᠥᠨ ᠪᠤᠶᠢᠷ ᠬᠤᠳᠠ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯ ᠵᠢᠷᠭᠤᠭᠠᠨ ᠠᠵᠢᠯᠯᠠᠭ᠎ᠠ ᠶᠢᠨ ᠲᠡᠷᠢᠭᠦᠨ ᠴᠢᠬᠤᠯᠠ ᠢᠨᠵᠧᠨᠧᠷᠢᠩ ᠪᠣᠯᠣᠨ᠎ᠠ᠂ ᠪᠦᠬᠦ ᠬᠤᠳᠠ ᠪᠠᠷ ᠢᠶᠠᠨ ᠡᠷᠬᠡᠪᠰᠢ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠵᠤᠷᠪᠤᠰ ᠳᠠᠷᠠᠭᠠᠯᠠᠨ ᠬᠠᠷᠢᠴᠠᠭᠤᠯᠤᠨ ᠡᠮᠬᠢᠯᠡᠵᠦ᠂ ᠲᠥᠯᠥᠪᠵᠢᠭᠦᠯᠬᠦ᠂ ᠪᠣᠭᠤᠳᠠᠯᠯᠠᠬᠤ᠂ ᠪᠤᠯᠢᠶᠠᠯᠳᠤᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠢᠭᠡ ᠱᠤᠭᠤᠮ ᠢᠶᠠᠷ ᠠᠬᠢᠭᠤᠯᠵᠤ᠂ ᠪᠦᠬᠦ ᠦᠶᠡᠯᠡᠯ ᠤᠨ ᠬᠤᠭᠤᠴᠠᠭ᠎ᠠ᠂ ᠪᠦᠬᠦ ᠡᠯᠧᠮᠧᠨ᠋ᠲ᠂ ᠪᠦᠬᠦ ᠬᠡᠯᠬᠢᠶ᠎ᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠠᠳᠬᠤᠵᠤ᠂ ᠲᠦᠷᠭᠡᠨ ᠨᠠᠶᠢᠳᠠᠪᠤᠷᠢᠵᠢᠭᠤᠯᠬᠤ᠂ ᠲᠦᠷᠭᠡᠨ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠡᠯᠧᠮᠧᠨ᠋ᠲ ᠤᠨ ᠵᠢᠭᠰᠠᠭᠠᠨ ᠪᠠᠶᠢᠴᠠᠭᠠᠯᠲᠠ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠨᠢᠭᠡ ᠴᠣᠭᠴᠠᠵᠢᠭᠤᠯᠤᠨ ᠠᠬᠢᠭᠤᠯᠬᠤ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃    ᠬᠤᠷᠠᠯ ᠠᠴᠠ᠂ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾  ᠤᠨ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠳᠣᠯᠠᠭᠠᠯᠠᠭ᠎ᠠ ᠶᠢᠨ ᠢᠨᠵᠧᠨᠧᠷᠢᠩ᠂ ᠨᠡᠶᠢᠭᠡᠮ ᠤᠨ ᠠᠪᠤᠷᠠᠨ ᠲᠤᠰᠠᠯᠠᠯᠲᠠ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ  ᠶᠢᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠯᠠᠨ ᠢ  ᠳᠤᠯᠠᠭᠠᠨ ᠢᠶᠠᠷ ᠡᠪᠦᠯᠵᠢᠬᠦ᠂ ᠠᠮᠤᠷ ᠠᠮᠤᠭᠤᠯᠠᠩ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ᠂ ᠵᠣᠯ ᠵᠢᠷᠭᠠᠯ ᠲᠠᠢ ᠪᠠᠷ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ