ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠦᠨᠡᠨᠬᠦ ᠴᠢᠩᠭᠠᠳᠬᠠᠬᠤ ᠶᠢᠨ ᠲᠥᠯᠥᠭᠡ᠂ ᠳ᠋ᠠ ᠾᠧ ᠸᠠᠨ ᠪᠠᠯᠭᠠᠰᠤ ᠶᠢᠨ ᠬᠢᠨ ᠢᠳᠡᠪᠬᠢᠲᠡᠢ ᠪᠠᠷ | ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠥᠷᠢᠰᠦᠯᠳᠦᠵᠦ᠂ ᠬᠤᠪᠢᠷᠠᠯᠲᠠ ᠶᠢ ᠰᠦᠪᠡᠭᠴᠢᠯᠡᠨ ᠰᠢᠨ᠎ᠡ ᠶᠢ ᠡᠷᠢᠯᠬᠢᠯᠡᠵᠦ᠂ 4 ᠰᠠᠷ᠎ᠠ ᠶᠢᠨ 10 ᠤ ᠡᠳᠦᠷ᠂ | ᠲᠤᠭ᠎ᠠ ᠪᠦᠷᠢᠳᠬᠡᠯ ᠤᠨ ᠠᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ ᠳᠠᠭᠤᠷ ᠦᠨᠳᠦᠰᠦᠲᠡᠨ ᠤ ᠰᠢᠶᠠᠩ ᠳᠤ ︽ᠲᠤᠷᠰᠢᠯᠭ᠎ᠠ ᠣᠯᠬᠤ ᠬᠡᠯᠪᠡᠷᠢ︾ ᠶᠢᠨ | ᠰᠣᠯᠢᠯᠴᠠᠭ᠎ᠠ ᠶᠢ ᠥᠷᠨᠢᠭᠦᠯᠵᠦ᠂ ︽ᠵᠢᠩᠬᠢᠨᠢ ᠨᠣᠮ ᠰᠤᠳᠤᠷ ᠢ ᠣᠯᠬᠤ᠂ ᠰᠠᠭᠤᠷᠢ ᠶᠢ ᠪᠠᠲᠤᠳᠬᠠᠬᠤ᠂ ᠳᠡᠭᠡᠭᠰᠢᠯᠡᠯᠲᠡ ᠶᠢ ᠠᠬᠢᠭᠤᠯᠬᠤ︾ ᠪᠠᠷ ᠬᠠᠷᠠᠯᠲᠠ ᠪᠣᠯᠭᠠᠵᠤ | ᠂ ᠲᠤᠭ᠎ᠠ ᠪᠠᠷᠢᠮᠲᠠ ᠶᠢᠨ ᠶᠠᠰᠤ ᠴᠢᠨᠠᠷ ᠪᠣᠯᠣᠨ ᠠᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠤᠷᠤᠯᠴᠠᠬᠤ᠂ ᠰᠡᠳᠬᠢᠬᠦ᠂ | ᠦᠢᠯᠡᠳᠦᠯᠭᠡᠵᠢᠭᠦᠯᠭ᠊ ᠤ᠋᠂ ᠤᠬᠠᠮᠰᠠᠷᠠᠬᠤ︾ ᠤᠯᠠᠨ ᠲᠠᠯ᠎ᠠ ᠪᠠᠷ ᠬᠦᠴᠦᠯᠡᠵᠦ᠂ ᠳ᠋ᠡ ᠾᠧ ᠸᠠᠨ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠵᠡᠢ᠃ | ᠦᠵᠡᠭᠦᠯᠦᠯᠭᠡ ᠶᠢᠨ ᠰᠤᠷᠤᠯᠴᠠᠯᠭ᠎ᠠ ᠶᠢᠨ ᠳᠤᠭᠤᠶᠢᠯᠠᠩ ᠤᠨ ᠬᠢᠨ ᠳᠠᠭᠤᠷ ᠰᠢᠶᠠᠩ ᠤᠨ ᠲᠤᠭ᠎ᠠ ᠪᠦᠷᠢᠳᠬᠡᠯ ᠤᠨ ᠠᠵᠢᠯᠲᠠᠳ ᠤᠨ ᠳᠠᠭᠠᠭᠤᠯᠭ᠎ᠠ ᠪᠠᠷ ᠨᠠᠷᠢᠨ | ᠬᠢᠨᠠᠮᠠᠭᠠᠢ ᠣᠪᠣᠷ ᠢᠶᠠᠷ᠂ ᠲᠤᠬᠠᠢ ᠶᠢᠨ ᠲᠠᠯᠠᠪᠠᠢ ᠶᠢᠨ ᠠᠯᠪᠠᠯᠠᠬᠤ ᠭᠠᠵᠠᠷ ᠢ ᠨᠠᠷᠢᠨ ᠨᠢᠮᠪᠠᠢ ᠪᠠᠶᠢᠴᠠᠭᠠᠨ ᠦᠵᠡᠪᠡ᠃ ᠠᠵᠢᠯᠯᠠᠬᠤ ᠲᠣᠭᠤᠷᠢᠭ ᠤᠨ ᠪᠠᠶᠢᠷᠢᠰᠢᠯ ᠠᠴᠠ | ᠲᠠᠩᠰᠠ ᠡᠪᠬᠡᠮᠡᠯ ᠤᠨ ᠠᠪᠳᠠᠷ᠎ᠠ ᠶᠢᠨ ᠬᠡᠪ ᠪᠠᠷᠢᠮᠵᠢᠶ᠎ᠠ᠂ ᠺᠣᠮᠫᠢᠦ᠋ᠲ᠋ᠧᠷ ᠤᠨ ᠴᠢᠳᠠᠮᠵᠢ ᠵᠡᠷᠭᠡ ᠬᠠᠲᠠᠭᠤ ᠲᠣᠨᠤᠭ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ | ᠪᠠᠶᠢᠳᠠᠯ ᠳᠤ ᠬᠦᠷᠲᠡᠯ᠎ᠡ ᠴᠥᠮ ᠨᠢᠭᠡᠳ ᠨᠢᠭᠡ ᠪᠠᠷ ᠨᠠᠷᠢᠨ ᠨᠢᠮᠪᠠᠢ ᠪᠠᠶᠢᠴᠠᠭᠠᠨ ᠦᠵᠡᠵᠦ ᠰᠣᠷᠣᠯᠴᠠᠪᠠ᠃ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ | ᠲᠠᠩᠰᠠ ᠡᠪᠬᠡᠮᠡᠯ ᠢ ᠨᠠᠷᠢᠨ ᠬᠢᠨᠠᠮᠠᠭᠠᠢ ᠤᠷᠪᠠᠭᠤᠯᠤᠨ ᠦᠵᠡᠵᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠡᠮᠬᠢᠳᠬᠡᠯ᠂ ᠡᠮᠬᠢ ᠳᠢᠭᠯᠢᠮ ᠲᠠᠢ ᠲᠣᠳᠣᠷᠬᠠᠢ ᠲᠤᠭ᠎ᠠ | ᠪᠦᠷᠢᠳᠬᠡᠯ ᠤᠨ ᠠᠵᠢᠯ ᠤᠨ ᠡᠬᠡ ᠲᠠᠩᠰᠠ᠂ ᠡᠯᠪᠡᠭ ᠪᠠᠶᠠᠯᠢᠭ ᠣᠯᠠᠨ ᠶᠠᠩᠵᠤ ᠶᠢᠨ ᠡᠯ᠎ᠡ ᠵᠦᠢᠯ ᠤᠨ ᠪᠣᠯᠪᠠᠰᠤᠷᠠᠭᠤᠯᠤᠯ ᠤᠨ ᠮᠠᠲ᠋ᠧᠷᠢᠶᠠᠯ ᠵᠢᠴᠢ ᠲᠤᠰᠬᠠᠢ | ᠵᠦᠢᠯ ᠤᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠤᠨ ᠨᠠᠷᠢᠨ ᠲᠡᠮᠳᠡᠭᠯᠡᠯ ᠢ ᠪᠠᠭᠲᠠᠭᠠᠭᠰᠠᠨ ᠪᠠᠶᠢᠨ᠎ᠠ᠃ ᠡᠭᠦᠨ ᠤ ᠵᠡᠷᠭᠡᠪᠡᠷ᠂ ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠪᠣᠯᠬᠤ ︽ᠨᠠᠢᠮᠠ ᠪᠠᠶᠢᠬᠤ᠂ ᠨᠠᠶᠢᠮᠠᠵᠢᠭᠤᠯᠬᠤ︾ ᠪᠠᠶᠢᠭᠤᠯᠤᠯᠲᠠ ᠶᠢᠨ ᠦᠷ᠎ᠡ ᠪᠦᠲᠦᠭᠡᠯ ᠵᠢᠴᠢ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ᠪᠠ | ᠰᠢᠨᠡᠴᠢᠯᠡᠯᠲᠡ ᠶᠢᠨ ᠪᠣᠳᠠᠲᠤ ᠪᠠᠶᠢᠳᠠᠯ ᠢ ᠭᠤᠣᠯᠳᠠᠯᠭ᠎ᠠ ᠲᠠᠢ ᠪᠠᠷ ᠣᠶᠢᠯᠠᠭᠠᠪᠠ᠃ ᠡᠭᠦᠨ ᠢᠶᠠᠷ ᠪᠠᠷᠠᠬᠤ ᠦᠭᠡᠢ᠂ ᠲᠣᠭᠤᠷᠢᠨ ᠦᠵᠡᠵᠦ ᠰᠤᠷᠤᠯᠴᠠᠬᠤ ᠳᠤᠭᠤᠶᠢᠯᠠᠩ ᠤᠨ | ᠬᠢᠨ ᠪᠠᠰᠠ ᠳᠠᠭᠤᠷ ᠰᠢᠶᠠᠩ ᠤᠨ ᠲᠤᠭ᠎ᠠ ᠪᠦᠷᠢᠳᠬᠡᠯ ᠤᠨ ᠠᠵᠢᠯᠲᠠᠳ ᠲᠠᠢ ᠬᠦᠷᠢᠶᠡᠯᠡᠨ ᠰᠠᠭᠤᠵᠤ᠂ ᠨᠢᠭᠡ ᠤᠳᠠᠭᠠᠨ ᠤ ᠭᠦᠨᠵᠡᠭᠡᠢ ᠶᠠᠷᠢᠯᠴᠠᠬᠤ ᠬᠤᠷᠠᠯ | ᠥᠷᠨᠢᠭᠦᠯᠵᠡᠢ᠃ ᠤᠯᠠᠨ ᠢᠶᠠᠷ ᠢᠶᠠᠨ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠣᠭᠤᠷᠢᠨ ᠦᠵᠡᠵᠦ ᠰᠤᠷᠤᠯᠴᠠᠬᠤ ᠳᠤᠭᠤᠶᠢᠯᠠᠩ ᠤᠨ ᠬᠢᠨ ᠠᠵᠢᠯ ᠥᠷᠨᠢᠭᠦᠯᠬᠦ | ᠶᠠᠪᠤᠴᠠ ᠳᠤ ᠲᠤᠯᠭᠠᠷᠠᠭᠰᠠᠨ ᠪᠣᠳᠠᠲᠠᠢ ᠠᠰᠠᠭᠤᠳᠠᠯ ᠪᠣᠯᠣᠨ ᠬᠦᠴᠢᠷᠳᠡᠯ ᠢ ᠦᠨᠡᠨ ᠰᠡᠳᠬᠢᠯ ᠠᠴᠠ ᠪᠠᠨ ᠠᠰᠠᠭᠤᠨ ᠯᠠᠪᠯᠠᠵᠤ᠂ ᠰᠢᠶᠠᠩ ᠤᠨ ᠠᠵᠢᠯᠲᠠᠳ ᠴᠤ | ᠲᠤᠷᠰᠢᠯᠭ᠎ᠠ ᠪᠠᠨ ᠥᠴᠥᠬᠡᠨ ᠴᠦ ᠦᠯᠡᠳᠡᠭᠡᠯ ᠦᠭᠡᠢ ᠬᠤᠪᠢᠶᠠᠯᠴᠠᠪᠠ᠃ ᠬᠤᠶᠠᠷ ᠲᠠᠯ᠎ᠠ ᠪᠠᠷ ᠢᠶᠠᠨ ᠬᠦᠷ ᠬᠥᠭᠵᠢᠶᠡᠨ ᠲᠠᠢ ᠰᠣᠯᠢᠯᠴᠠᠭᠠᠨ ᠤ ᠳᠤᠮᠳᠠ ᠤᠶᠤᠨ | ᠤᠬᠠᠭᠠᠨ ᠤ ᠣᠴᠢ ᠮᠥᠷᠭᠦᠯᠳᠦᠵᠦ᠂ ᠰᠢᠶᠠᠩ ᠪᠠᠯᠭᠠᠰᠤᠨ ᠤ ᠬᠤᠭᠤᠷᠣᠨᠳᠣᠬᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ᠂ ᠬᠠᠮᠲᠤ ᠪᠠᠷ ᠲᠠᠪᠰᠢᠬᠤ ᠶᠢ | ᠦᠨᠡᠨ ᠬᠦ ᠪᠡᠶᠡᠯᠡᠭᠦᠯᠵᠡᠢ᠃ | ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠲᠣᠰ ᠤᠳᠠᠭᠠᠨ ᠤ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠠᠴᠠ | ᠣᠯᠣᠭᠰᠠᠨ ᠡᠷᠬᠢᠮ ᠨᠠᠨᠳᠢᠨ ᠲᠤᠷᠰᠢᠯᠭ᠎ᠠ ᠪᠠᠨ ᠲᠤᠭ᠎ᠠ ᠪᠦᠷᠢᠳᠬᠡᠯ ᠤᠨ ᠠᠵᠢᠯ ᠤᠨ ᠲᠠᠯ᠎ᠠ ᠪᠦᠬᠦᠨ ᠳᠤ ᠦᠨᠡᠨ ᠬᠦ ᠠᠭᠤᠰᠬᠠᠨ ᠣᠷᠣᠭᠤᠯᠤᠨ᠎ᠠ᠃ ᠥᠨᠳᠥᠷ | ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ᠂ ᠳ᠋ᠠ ᠾᠧ ᠸᠠᠨ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | | | |