ᠲᠦᠮᠡᠨ ᠮᠣᠳᠣᠨ ᠤ ᠥᠩᠭᠡ ᠦᠵᠡᠮᠵᠢ ᠶᠢ ᠲᠡᠮᠡᠴᠡᠨ ᠣᠯᠵᠤ᠂ ᠵᠠᠭᠤᠨ ᠣᠩᠭᠤᠴᠠ ᠤᠷᠤᠰᠬᠠᠯ ᠢ ᠲᠡᠮᠡᠴᠡᠨ ᠤᠷᠤᠭᠰᠢᠯᠠᠬᠤ ᠪᠠᠷ ᠡᠷᠡᠯᠬᠡᠭᠯᠡᠨ ᠤᠷᠤᠭᠰᠢᠯᠠᠨ᠎ᠠ᠃ | 4 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠸᠠ ᠳ᠋ᠢ ᠰᠢᠶᠠᠩ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠬᠤᠷᠠᠯ ᠠᠮᠵᠢᠯᠲᠠ ᠲᠠᠢ ᠬᠤᠷᠠᠯᠳᠤᠵᠤ᠂ ᠪᠦᠬᠦ ᠰᠢᠶᠠᠩ ᠤᠨ ᠡᠯ᠎ᠡ ᠠᠵᠢᠯ ᠲᠦᠷᠦᠯ ᠠᠴᠠ ᠢᠷᠡᠭᠰᠡᠨ 55 ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠰᠤᠯᠠ ᠣᠷᠣᠯᠴᠠᠭᠰᠠᠳ ᠪᠦᠬᠦ ᠰᠢᠶᠠᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ ᠵᠥᠪᠯᠡᠪᠡ᠃ ᠶᠡᠭᠡ ᠬᠤᠷᠠᠯ ᠠᠴᠠ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠲᠡᠰ ᠳᠠᠷᠠᠭᠠᠯᠠᠯ ᠢ | ᠴᠢᠩᠭ᠎ᠠ ᠵᠢᠷᠤᠮᠯᠠᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠯᠠᠨ ᠤ ᠤᠬᠠᠭᠠᠨ ᠢ ᠲᠥᠪᠯᠡᠷᠡᠭᠦᠯᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ | ᠦᠭᠡᠢ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠡᠨᠡ ᠪᠣᠯ ᠪᠦᠯᠬᠦᠮᠳᠡᠨ ᠲᠡᠮᠡᠴᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠨᠢᠭᠡᠨ ᠤᠳᠠᠭ᠎ᠠ ᠶᠢᠨ ᠦᠪᠡᠳᠡᠭᠰᠢ ᠴᠤᠭᠯᠠᠭᠠᠨ ᠮᠥᠨ︕ ᠬᠤᠷᠠᠯ ᠤᠨ | ᠬᠤᠭᠤᠴᠠᠭᠠᠨ ᠳᠤ᠂ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠸᠠ ᠳ᠋ᠢ ᠰᠢᠶᠠᠩ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ︽ᠸᠠ ᠳ᠋ᠢ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾ ᠢ ᠰᠣᠨᠣᠰᠤᠨ ᠬᠢᠨᠠᠨ ᠵᠥᠪᠯᠡᠵᠦ | ᠂ ︽ᠸᠠ ᠳ᠋ᠢ ᠰᠢᠶᠠᠩ ᠤᠨ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠣᠨ 2025 ᠣᠨ ᠤ ᠲᠥᠰᠥᠪ ᠤᠨ | ᠲᠣᠬᠢᠷᠠᠭᠤᠯᠤᠯᠲᠠ ︵ᠲᠥᠰᠥᠯ︶ ᠶᠢᠨ ᠮᠡᠳᠡᠭᠦᠯᠦᠯᠲᠡ︾ ᠵᠡᠷᠭᠡ ᠴᠢᠬᠤᠯᠠ ᠮᠡᠳᠡᠭᠦᠯᠦᠯᠲᠡ ᠶᠢ ᠪᠢᠴᠢᠭ ᠢᠶᠠᠷ ᠬᠢᠨᠠᠨ ᠵᠥᠪᠯᠡᠭᠰᠡᠨ ᠤ ᠬᠠᠮᠲᠤ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠦ᠂ 2025 | ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠪᠢᠯᠧᠲ ᠥᠭᠴᠦ ᠰᠢᠢᠳᠪᠦᠷᠢ ᠭᠠᠷᠭᠠᠪᠠ᠃ ᠡᠳᠡᠭᠡᠷ ᠮᠡᠳᠡᠭᠦᠯᠦᠯᠲᠡ ᠨᠢ | ᠥᠩᠭᠡᠷᠡᠭᠰᠡᠨ ᠨᠢᠭᠡ ᠵᠢᠯ ᠤᠨ ᠠᠵᠢᠯ ᠳᠤ ᠪᠦᠬᠦ ᠲᠠᠯ᠎ᠠ ᠶᠢᠨ ᠪᠥᠭᠡᠳ ᠪᠤᠰᠤᠳᠴᠢ ᠳ᠋ᠦᠩᠨᠡᠯᠲᠡ ᠬᠢᠵᠦ᠂ ᠸᠠ ᠳ᠋ᠢ ᠰᠢᠶᠠᠩ ᠤᠨ ᠢᠷᠡᠭᠡᠳᠦᠢ ᠶᠢᠨ ᠬᠥᠭᠵᠢᠯᠲᠡ ᠳᠤ | ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠲᠥᠯᠦᠪᠵᠢᠭᠦᠯᠭᠡ ᠬᠢᠵᠦ᠂ ᠸᠠ ᠳ᠋ᠢ ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ᠃ | ᠡᠨᠡ ᠪᠣᠯ ᠨᠢᠭᠡ ᠤᠳᠠᠭ᠎ᠠ ᠶᠢᠨ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠭᠰᠡᠨ᠂ ᠰᠡᠳᠬᠢᠯ ᠰᠠᠨᠠᠭ᠎ᠠ ᠶᠢ ᠨᠢᠭᠲᠠᠷᠠᠭᠤᠯᠤᠨ ᠬᠦᠴᠦᠨ ᠢ | ᠨᠢᠭᠲᠠᠷᠠᠭᠤᠯᠤᠭᠰᠠᠨ ᠦᠪᠡᠳᠡᠭᠰᠢ ᠴᠤᠭᠯᠠᠭᠠᠨ ᠮᠥᠨ︕ ᠲᠥᠯᠥᠭᠡᠯᠡᠭᠴᠢᠳ ᠠᠵᠢᠯ ᠤᠨ ᠮᠡᠳᠡᠭᠦᠯᠦᠯᠲᠡ ᠲᠠᠢ ᠪᠠᠨ ᠤᠶᠠᠯᠳᠤᠭᠤᠯᠤᠨ᠂ ᠪᠥᠬᠦ ᠰᠢᠶᠠᠩ ᠤᠨ ᠭᠤᠣᠯ | ᠠᠵᠢᠯ ᠵᠢᠴᠢ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ | ᠶᠠᠷᠢᠶ᠎ᠠ ᠲᠠᠯᠪᠢᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠲᠠᠢ ᠰᠡᠳᠬᠢᠯ ᠵᠢᠷᠦᠬᠡ ᠪᠠᠨ ᠬᠤᠯᠪᠣᠭᠰᠠᠨ᠂ ᠠᠷᠠᠳ ᠲᠦᠮᠡᠨ ᠲᠠᠢ ᠰᠡᠳᠬᠢᠯ | ᠵᠢᠷᠦᠬᠡ ᠪᠠᠨ ᠬᠤᠯᠪᠣᠭᠰᠠᠨ ᠴᠢᠩ ᠦᠨᠡᠨᠴᠢ ᠰᠡᠳᠬᠢᠯᠭᠡ ᠪᠠ ᠥᠭᠡᠳᠡᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠶᠡᠭᠡ | ᠬᠤᠷᠠᠯ ᠠᠴᠠ ᠨᠢᠭᠤᠴᠠ ᠰᠣᠩᠭᠤᠭᠤᠯᠢ ᠶᠢᠨ ᠠᠷᠭ᠎ᠠ ᠪᠠᠷ 2025 ᠣᠨ ᠤ ᠠᠷᠠᠳ ᠤᠨ ᠠᠮᠢᠳᠤᠷᠠᠯ ᠤᠨ 2 ᠵᠦᠢᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ | ᠪᠢᠯᠧᠲ ᠥᠭᠬᠦ ᠪᠠᠷ ᠲᠣᠭᠲᠠᠪᠠ᠃ ᠵᠠᠩ ᠯᠢ ᠸᠧᠢ᠂ ᠵᠠᠩ ᠺᠦᠨ ᠬᠤᠤ ᠨᠥᠬᠦᠷ ᠶᠡᠭᠡ ᠬᠤᠷᠠᠯ ᠤᠨ ᠰᠣᠩᠭᠤᠭᠤᠯᠢ ᠪᠠᠷ ᠳᠠᠮᠵᠢᠨ᠂ ᠪᠦᠷᠢᠨ ᠪᠢᠯᠧᠲ ᠢᠶᠠᠷ ᠸᠠ ᠳ᠋ᠢ | ᠰᠢᠶᠠᠩ ᠤᠨ ᠳᠡᠳ᠋ ᠳᠠᠷᠤᠭ᠎ᠠ ᠪᠠᠷ ᠰᠣᠩᠭᠤᠭᠳᠠᠪᠠ᠃ | ᠶᠡᠭᠡ ᠬᠤᠷᠠᠯ ᠠᠴᠠ ᠪᠠᠰᠠ ᠡᠯ᠎ᠡ ᠵᠦᠢᠯ ᠤᠨ ᠰᠢᠢᠳᠪᠦᠷᠢ ᠶᠢ ᠪᠠᠲᠤᠯᠠᠪᠠ᠃ | ᠶᠡᠭᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠲᠠᠢ ᠬᠤᠷᠸ᠎ᠠ ᠠᠵᠤ ᠠᠬᠤᠢ ᠶᠢᠨ ᠪᠠᠶᠢᠳᠠᠯ᠂ ᠬᠦᠨᠳᠦ | ᠨᠦᠰᠡᠷ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠦᠬᠦ ᠰᠢᠶᠠᠩ ᠢᠶᠠᠷ ᠢᠶᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠪᠠ ᠰᠢᠶᠠᠩ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ᠂ ᠳᠣᠯᠣᠳᠤᠭᠠᠷ ᠪᠥᠬᠦᠳᠡ | ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ | ᠬᠢᠵᠦ᠂ ᠵᠢᠷᠭᠤᠭᠠᠨ ᠢᠨᠵᠧᠨᠧᠷᠢᠩ ᠢ ᠨᠢᠮᠪᠠᠢ ᠬᠡᠷᠡᠭᠵᠢᠭᠦᠯᠦᠨ᠂ ︽ᠶᠢᠰᠦᠨ ᠲᠡᠷᠢᠭᠦᠨ ᠤ ᠪᠣᠯᠬᠤ ᠪᠠᠷ ᠲᠡᠮᠡᠴᠡᠬᠦ︾ ᠶᠢ ᠬᠦᠴᠦᠯᠡᠨ ᠠᠬᠢᠭᠤᠯᠵᠤ᠂ ᠪᠥᠬᠦ ᠰᠢᠶᠠᠩ ᠤᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠠᠷᠤᠯᠲᠠ ᠶᠢ ᠳᠠᠭᠠᠭᠠᠨ ᠡᠷᠡᠯᠬᠡᠭᠯᠡᠨ ᠤᠷᠤᠭᠰᠢᠯᠠᠵᠤ᠂ ᠬᠦᠴᠢᠷ ᠢ ᠢᠯᠡᠨ | ᠳᠠᠪᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠦᠨ᠎ᠡ᠃ | ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠂ ᠪᠠᠰᠠ ᠮᠠᠰᠢ ᠤᠯᠠᠨ ︽ᠥᠨᠳᠦᠷᠯᠢᠭ ᠭᠠᠵᠠᠷ︾ ᠢ ᠪᠤᠯᠢᠶᠠᠨ ᠡᠵᠡᠯᠡᠬᠦ ᠴᠢᠬᠤᠯᠠᠲᠠᠢ ᠪᠠᠶᠢᠵᠤ᠂ ᠮᠠᠰᠢ | ᠤᠯᠠᠨ ︽ᠬᠠᠷᠰᠢ ᠰᠠᠭᠠᠳ︾ ᠢ ᠢᠯᠠᠨ ᠳᠠᠪᠠᠭ᠋ᠤ ᠪᠠᠷ ᠬᠦᠯᠢᠶᠡᠵᠦ ᠪᠠᠶᠢᠨ᠎ᠠ ᠭᠡᠵᠦ ᠶᠡᠭᠡ ᠬᠤᠷᠠᠯ ᠠᠴᠠ ᠴᠢᠬᠤᠯᠠᠴᠢᠯᠠᠪᠠ᠃ ᠡᠨᠡ ᠵᠢᠯ ᠪᠣᠯ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ | ᠨᠢᠭᠡ ᠵᠢᠯ ᠮᠥᠨ᠂ ᠪᠠᠰᠠ ᠮᠠᠰᠢ ᠤᠯᠠᠨ ︽ᠥᠨᠳᠦᠷᠯᠢᠭ︾ ᠢ ᠪᠤᠯᠢᠶᠠᠨ ᠡᠵᠡᠯᠡᠬᠦ ᠴᠢᠬᠤᠯᠠᠲᠠᠢ ᠪᠠᠶᠢᠨ᠎ᠠ᠃ 2025 ᠣᠨ ᠳᠤ᠂ ᠸᠠ ᠳ᠋ᠢ ᠰᠢᠶᠠᠩ ᠤᠨ ᠵᠠᠰᠠᠭ ᠤᠨ | ᠣᠷᠳᠣᠨ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠵᠤ᠂ ᠰᠢᠶᠠᠩ ᠤᠨ ᠨᠠᠮ ᠤᠨ ᠬᠤᠷᠢᠶ᠎ᠠ ᠶᠢᠨ ︽ᠠᠮᠢ | ᠠᠬᠤᠢ ᠪᠠᠷ ᠬᠥᠳᠡᠭᠡ ᠲᠣᠰᠬᠤᠨ ᠢ ᠪᠠᠶᠢᠭᠤᠯᠬᠤ᠂ ᠲᠠᠷᠢᠶᠠᠯᠠᠩ ᠮᠠᠯ ᠠᠵᠤ ᠠᠬᠤᠢ ᠪᠠᠷ ᠬᠥᠳᠡᠭᠡ ᠲᠣᠰᠬᠤᠨ ᠢ ᠬᠦᠴᠦᠷᠬᠡᠭᠵᠢᠭᠦᠯᠬᠦ᠂ ᠠᠵᠤ ᠦᠢᠯᠡᠰ ᠢᠶᠠᠷ ᠬᠥᠳᠡᠭᠡ | ᠲᠣᠰᠬᠤᠨ ᠢ ᠪᠠᠶᠠᠵᠢᠭᠤᠯᠬᠤ᠂ ᠰᠣᠶᠣᠯ ᠵᠤᠭᠠᠴᠠᠯ ᠢᠶᠠᠷ ᠬᠥᠳᠡᠭᠡ ᠲᠣᠰᠬᠤᠨ ᠢ ᠮᠠᠨᠳᠤᠭᠤᠯᠬᠤ᠂ ᠡᠶ᠎ᠡ ᠵᠣᠬᠢᠴᠠᠩᠭᠤᠢ ᠪᠠᠷ ᠬᠥᠳᠡᠭᠡ ᠲᠣᠰᠬᠤᠨ ᠢ ᠠᠮᠤᠷᠵᠢᠭᠤᠯᠬᠤ︾ | ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠬᠡᠯᠬᠢᠶ᠎ᠡ ᠶᠢ ᠴᠢᠩᠭᠠᠳᠬᠠᠨ ᠪᠦᠯᠦᠭᠵᠢᠯ ᠢ ᠪᠠᠶᠢᠭᠤᠯᠵᠤ᠂ ᠲᠦᠷᠦᠯ ᠵᠦᠢᠯ ᠤᠨ ᠬᠥᠭᠵᠢᠯᠲᠡ ᠶᠢᠨ ᠴᠢᠨᠠᠷ ᠰᠠᠭᠤᠷᠢ ᠶᠢ ᠴᠢᠩᠭᠠᠳᠬᠠᠨ ᠠᠵᠤ ᠦᠢᠯᠡᠰ ᠢ ᠬᠥᠭᠵᠢᠭᠦᠯᠵᠦ | ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠳᠠᠮᠵᠢ ᠶᠢ ᠴᠢᠩᠭᠠᠳᠬᠠᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠬᠡᠷᠡᠭᠲᠡᠢ︔ ᠪᠠᠲᠤᠯᠠᠭ᠎ᠠ ᠶᠢ ᠴᠢᠩᠭᠠᠳᠬᠠᠨ ᠬᠤᠷᠢᠭ᠎ᠠ ᠱᠤᠭᠤᠮ ᠢ ᠰᠠᠬᠢᠵᠤ᠂ ᠤᠯᠠᠨ ᠲᠦᠮᠡᠨ ᠤ ᠵᠣᠯ | ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠦᠢᠯᠡᠴᠢᠯᠡᠭᠡ ᠶᠢ ᠴᠢᠩᠭᠠᠳᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ ᠢ ᠵᠠᠰᠠᠭ ᠤᠨ ᠣᠷᠳᠣᠨ ᠤ ᠬᠢᠬᠦ ᠠᠵᠢᠯ ᠪᠣᠯᠭᠠᠨ ᠬᠤᠪᠢᠷᠠᠭᠤᠯᠬᠤ ᠪᠠᠷ | ᠴᠢᠷᠮᠠᠶᠢᠵᠤ᠂ ᠵᠠᠰᠠᠭ ᠤᠨ ᠣᠷᠳᠣᠨ ᠤ ᠬᠢᠵᠦ ᠪᠠᠶᠢᠭ᠎ᠠ ᠶᠠᠪᠤᠳᠠᠯ ᠢ ᠠᠷᠠᠳ ᠲᠦᠮᠡᠨ ᠤ ᠰᠡᠳᠬᠢᠯ ᠬᠠᠨᠤᠮᠵᠢᠲᠠᠢ ᠶᠠᠪᠤᠳᠠᠯ ᠪᠣᠯᠭᠠᠨ ᠬᠤᠪᠢᠷᠠᠭᠤᠯᠤᠨ᠎ᠠ︕ | ᠬᠠᠪᠤᠷ ᠤᠨ ᠲᠦᠯᠬᠢᠯᠲᠡ ᠨᠢᠭᠡᠨᠲᠡ ᠡᠬᠢᠯᠡᠯ᠎ᠡ᠂ ᠲᠤᠷᠤᠨ᠎ᠠ ᠶᠢᠨ ᠰᠠᠯᠬᠢ ᠢᠳᠡ ᠬᠦᠴᠦᠨ ᠲᠠᠢ ᠪᠠᠶᠢᠨ᠎ᠠ︕ᠶᠡᠭᠡ ᠬᠤᠷᠠᠯ ᠠᠴᠠ᠂ ᠪᠦᠬᠦ ᠰᠢᠶᠠᠩ ᠢᠶᠠᠷ ᠢᠶᠠᠨ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠣᠯᠣᠨ ᠰᠢᠶᠠᠩ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠳᠠ ᠴᠢᠯᠠᠭᠤ ᠮᠡᠲᠦ ᠪᠠᠲᠤ | ᠢᠲᠡᠭᠡᠯ ᠢ ᠡᠪᠦᠷᠯᠡᠵᠦ᠂ ᠥᠷᠯᠥᠭᠡ ᠦᠳᠡᠰᠢ ᠶᠢ ᠲᠡᠮᠡᠴᠡᠬᠦ ᠲᠡᠮᠡᠴᠡᠯ ᠤᠨ ᠵᠣᠷᠢᠭ ᠢᠶᠠᠨ ᠡᠭᠦᠷᠢᠳᠡ ᠬᠠᠳᠠᠭᠠᠯᠠᠵᠤ᠂ ᠰᠢᠨᠲᠠᠷᠠᠰᠢ ᠦᠭᠡᠢ ᠴᠢᠷᠮᠠᠶᠢᠬᠤ ᠬᠠᠳᠠᠨ ᠵᠣᠷᠢᠭ ᠢ | ᠬᠤᠷᠠᠮᠳᠤᠭᠤᠯᠵᠤ᠂ ᠰᠢᠨ᠎ᠡ ᠬᠠᠷᠠᠯᠲᠠ ᠲᠡᠰᠢ ᠤᠷᠤᠭᠰᠢᠯᠠᠵᠤ᠂ ᠰᠢᠨ᠎ᠡ ᠠᠶᠠᠨ ᠵᠠᠮ ᠳᠠᠭᠠᠨ ᠭᠠᠪᠢᠶ᠎ᠠ ᠪᠠᠶᠢᠭᠤᠯᠵᠤ᠂ ᠸᠠ ᠳ᠋ᠢ ᠰᠢᠶᠠᠩ ᠤᠨ ᠴᠢᠨᠠᠷ ᠰᠠᠶᠢᠲᠠᠢ | ᠬᠥᠭᠵᠢᠯᠲᠡ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠤᠷᠢᠶᠠᠯᠠᠪᠠ᠃ | ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠸᠠ ᠳ᠋ᠢ ᠰᠢᠶᠠᠩ ᠤᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠢᠯᠠᠯᠲᠠ ᠲᠠᠢ ᠪᠠᠷ ᠲᠡᠭᠦᠰᠪᠡ︕ | ᠬᠤᠷᠠᠯ ᠤᠨ ᠲᠠᠷᠠᠭ᠎ᠠ᠂ ᠪᠦᠬᠦ ᠲᠥᠯᠥᠭᠡᠯᠡᠭᠴᠢᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠬᠦᠷᠲᠡᠭᠡᠪᠡ᠃ | |