ᠸᠧ ᠨᠢᠦ ᠾᠧ ᠪᠠᠯᠭᠠᠰᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠢ ᠥᠷᠨᠢᠭᠦᠯᠵᠦ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2025/4/15
    ᠣᠶᠢᠷ᠎ᠠ ᠳᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ᠪᠥᠬᠦ ᠤᠯᠤᠰ ᠤᠨ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠸᠧ ᠨᠢᠦ ᠾᠧ ᠪᠠᠯᠭᠠᠰᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠢ ᠳᠠᠭᠠᠵᠤ᠂ ᠺᠠᠳ᠋ᠷ ᠣᠯᠠᠨ ᠲᠦᠮᠡᠨ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠲᠤᠰ ᠤᠳᠠᠭ᠎ᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠨᠢ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠪᠡᠷᠰᠢᠶᠡᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠵᠠᠮ᠂ ᠭᠤᠣᠯ ᠤᠨ ᠵᠠᠮ ᠭᠤᠤ ᠰᠤᠪᠠᠭ᠂ ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ ᠵᠢᠴᠢ ᠭᠡᠷ ᠤᠨ ᠠᠷᠤ ᠥᠪᠥᠷ ᠲᠠᠬᠢ ᠡᠯᠳᠡᠪ ᠪᠣᠳᠠᠰ ᠤᠨ ᠣᠪᠣᠭᠠᠷᠠᠯ ᠵᠡᠷᠭᠡ ᠶᠢ ᠭᠤᠣᠯᠳᠠᠯᠭ᠎ᠠ ᠲᠠᠢ ᠪᠠᠷ ᠴᠡᠪᠡᠷᠯᠡᠨ ᠴᠡᠭᠴᠡᠯᠡᠨ ᠵᠠᠰᠠᠵᠠᠢ᠃ ᠡᠯ᠎ᠡ ᠭᠠᠴᠠᠭᠠᠨ ᠤ  ᠬᠢᠨ ᠲᠤᠰᠬᠠᠢ ᠬᠥᠮᠥᠨ ᠵᠣᠬᠢᠶᠠᠨ ᠪᠠᠶᠢᠭᠤᠯᠵᠤ ᠭᠤᠣᠯ ᠤᠨ ᠵᠠᠮ ᠤᠨ ᠳᠣᠲᠣᠷᠠᠬᠢ ᠬᠥᠪᠥᠮᠡᠯ ᠪᠣᠳᠠᠰ᠂ ᠬᠤᠭ ᠨᠣᠪᠰᠢ ᠶᠢ ᠱᠦᠭᠦᠵᠦ ᠴᠡᠪᠡᠷᠯᠡᠨ᠂ ᠭᠤᠣᠯ ᠤᠨ ᠵᠠᠮ ᠤᠨ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠣᠰᠬᠤᠨ ᠤ ᠵᠠᠮ ᠤᠨ ᠬᠤᠶᠠᠷ ᠬᠠᠵᠠᠭᠤ ᠶᠢᠨ ᠪᠤᠵᠠᠷ ᠡᠪᠡᠰᠦ᠂ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠨ ᠠᠷᠢᠯᠭᠠᠭᠰᠠᠨ ᠪᠥᠭᠡᠳ ᠵᠠᠮ ᠢ ᠴᠡᠪᠡᠷᠯᠡᠨ ᠴᠡᠪᠡᠷᠯᠡᠵᠦ᠂ ᠵᠠᠮ ᠤᠨ ᠳᠦᠷᠰᠦ ᠪᠠᠶᠢᠳᠠᠯ ᠢ ᠴᠣ᠋ ᠰᠢᠨ᠎ᠡ ᠪᠣᠯᠭᠠᠭᠰᠠᠨ ᠪᠠᠶᠢᠨ᠎ᠠ᠃ ᠪᠦᠬᠦ ᠪᠠᠯᠭᠠᠰᠤ ᠪᠠᠷ ᠢᠶᠠᠨ ᠨᠡᠶᠢᠳᠡ 120 ᠭᠠᠷᠤᠢ ᠰᠠᠤᠷᠢ ᠮᠠᠰᠢᠨ ᠲᠡᠷᠭᠡ ᠶᠢ ᠬᠥᠳᠡᠯᠭᠡᠵᠦ᠂ ᠤᠯᠠᠨ ᠲᠦᠮᠡᠨ ᠢ ᠲᠠᠶᠢᠴᠢᠯᠠᠨ 150 ᠭᠠᠷᠤᠢ ᠬᠥᠮᠥᠨ ᠤᠳᠠᠭ᠎ᠠ ᠶᠢ ᠴᠡᠭᠴᠡᠯᠡᠨ ᠵᠠᠰᠠᠬᠤ ᠳᠤ ᠣᠷᠣᠯᠴᠠᠭᠤᠯᠵᠤ᠂ 220 ᠭᠠᠷᠤᠢ ᠲᠣᠨ ᠬᠤᠭ ᠨᠣᠪᠰᠢ ᠶᠢ ᠴᠡᠪᠡᠷᠯᠡᠵᠦ᠂ ᠬᠠᠷᠢᠶ᠎ᠠ ᠣᠷᠣᠨ ᠤ ᠳᠣᠲᠣᠷᠠᠬᠢ 232 ᠤᠯᠤᠰ ᠤᠨ ᠵᠠᠮ᠂ 307 ᠮᠤᠵᠢ ᠶᠢᠨ ᠵᠠᠮ ᠵᠢᠴᠢ ᠪᠤᠰᠤᠳ ᠵᠠᠮ ᠤᠨ ᠬᠤᠶᠠᠷ ᠬᠠᠵᠠᠭᠤ ᠶᠢᠨ 50 ᠭᠠᠷᠤᠢ ᠺᠢᠯᠤᠮᠥᠲᠷ ᠴᠠᠭᠠᠨ ᠬᠤᠭ ᠨᠣᠪᠰᠢ ᠶᠢ ᠴᠡᠪᠡᠷᠯᠡᠵᠦ᠂ ᠬᠠᠷᠢᠶ᠎ᠠ ᠣᠷᠣᠨ ᠤ ᠳᠣᠲᠣᠷᠠᠬᠢ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 10 ᠭᠠᠷᠤᠢ ᠺᠢᠯᠤᠮᠥᠲᠷ᠂ ᠭᠤᠤ ᠰᠤᠪᠠᠭ ᠤᠨ ᠭᠤᠣᠯ ᠤᠨ ᠵᠠᠮ ᠢ 30 ᠺᠢᠯᠤᠮᠥᠲᠷ ᠴᠡᠪᠡᠷᠯᠡᠵᠡᠢ᠃ ᠰᠢᠶᠠᠩ ᠪᠠᠯᠭᠠᠰᠤᠨ ᠤ ᠺᠠᠳ᠋ᠷ᠂ ᠭᠠᠴᠠᠭᠠᠨ ᠤ ᠬᠤᠶᠠᠷ ᠵᠥᠪᠯᠡᠯ ᠤᠨ ᠪᠦᠷᠢᠯᠳᠦᠭᠦᠨ ᠲᠦᠷᠦᠭᠦᠯᠡᠨ ᠬᠥᠳᠡᠯᠦᠯᠴᠡᠵᠦ᠂ ᠥᠷᠭᠡᠨ ᠣᠯᠠᠨ ᠭᠠᠴᠠᠭᠠᠨ ᠤ ᠠᠷᠠᠳ ᠴᠤ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠢᠯᠭᠠᠷᠠᠭᠤᠯᠤᠨ ᠲᠢᠭᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃    ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠲᠤᠳᠬᠠᠬᠤ ᠶᠢᠨ ᠲᠥᠯᠥᠭᠡ᠂ ᠸᠧ ᠨᠢᠦ ᠾᠧ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠪᠤᠯᠤᠩ᠂ ᠸᠢᠴᠠᠲ ᠤᠨ ᠪᠦᠯᠦᠭ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠠ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠨ᠎ᠠ᠃    ᠲᠠᠷᠠᠭᠠᠴᠢ ᠶᠢᠨ ᠠᠯᠬᠤᠮ ᠳᠤ᠂ ᠸᠧ ᠨᠢᠦ ᠾᠧ ᠪᠠᠯᠭᠠᠰᠤ ᠶᠢᠨ ᠬᠢᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ