ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠢ ᠱᠦᠵᠢ ᠰᠦ᠋ ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ | ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠡᠨᠡ ᠵᠢᠯ ᠪᠣᠯ ᠸᠢᠶᠧᠳ᠋ᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ | ᠤᠢ᠂ ᠸᠢᠶᠧᠳ᠋ᠨᠠᠮ ᠤᠨ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠳ᠋ᠨᠠᠮ ᠴᠢᠯᠦᠭᠡᠯᠡᠭᠳᠡᠭᠰᠡᠨ 50 ᠵᠢᠯ ᠤᠨ ᠤᠢ ᠪᠣᠯᠣᠨ᠎ᠠ᠂ ᠪᠢ | ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠸᠢᠶᠧᠳ᠋ᠨᠠᠮ ᠤᠨ ᠲᠠᠯ᠎ᠠ ᠳᠤ ᠬᠠᠯᠠᠭᠤᠨ ᠪᠠᠶᠠᠷ | ᠬᠦᠷᠭᠡᠵᠦ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠸᠢᠶᠧᠳ᠋ᠨᠠᠮ ᠤᠨ ᠬᠢᠨ ᠤ ᠲᠣᠰ ᠤᠯᠤᠰ ᠤᠨ ᠢᠶᠠᠨ ᠤᠯᠤᠰ ᠤᠨ ᠪᠠᠶᠢᠳᠠᠯ ᠳᠤ | ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ᠂ 2026 ᠣᠨ ᠳᠤ ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ | ᠬᠤᠷᠠᠯ ᠢᠶᠠᠨ ᠢᠯᠠᠯᠲᠠ ᠲᠠᠢ ᠬᠤᠷᠠᠯᠳᠤᠭᠤᠯᠵᠤ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ | ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ᠃ | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ | ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠃ 75 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ | ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ | ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠲᠤᠰ ᠲᠤᠰ ᠤᠨ | ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ | ᠳᠠᠭᠤᠷᠢᠶᠠᠯ ᠪᠣᠯᠪᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠸᠢᠶᠧᠳ᠋ᠨᠠᠮ ᠬᠤᠶᠠᠷ ᠤᠯᠤᠰ ᠡᠩᠬᠡ ᠲᠠᠶᠢᠪᠤᠩ ᠬᠥᠭᠵᠢᠯᠲᠡ ᠶᠢ | ᠪᠠᠷᠢᠮᠲᠠᠯᠠᠵᠤ᠂ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ | ᠨᠡᠮᠡᠷᠢᠯᠡᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ | ᠬᠤᠯᠪᠣᠨ ᠤᠷᠤᠭᠰᠢᠯᠠᠵᠤ᠂ ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠶᠢᠨ ᠤᠯᠠᠮᠵᠢᠯᠠᠯᠲᠤ ᠨᠥᠬᠦᠷᠯᠡᠯ ᠢᠶᠠᠨ | ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ | ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ ᠶᠡᠷᠦᠩᠬᠡᠢ ᠱᠦᠵᠢ | ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ | ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠢᠬᠤᠯᠠ ᠳᠡᠯᠡᠬᠡᠢ ᠶᠢᠨ ᠠᠴᠢ ᠬᠤᠯᠪᠣᠭᠳᠠᠯ ᠲᠠᠢ | ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ | ᠣᠳᠣᠬᠢᠴᠢᠯᠠᠯᠲᠠ ᠲᠡᠶᠢᠰᠢ ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ ᠬᠠᠮᠠᠭᠠᠯᠠᠵᠤ᠂ | ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ ᠨᠡᠭᠡᠭᠡᠯᠲᠡ ᠬᠢᠬᠦ ᠶᠢ ᠪᠠᠷᠢᠮᠲᠠᠯᠠᠵᠤ᠂ ᠭᠠᠵᠠᠷ ᠣᠷᠣᠨ ᠤ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ᠂ ᠠᠵᠤ ᠠᠬᠤᠢ ᠶᠢᠨ ᠳᠡᠯᠡᠬᠡᠶᠢᠵᠢᠯᠲᠡ ᠶᠢ | ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ | ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠳᠤᠮᠳᠠᠳᠤ ᠤᠯᠤᠰ ᠪᠣᠯᠣᠨ ᠸᠢᠶᠧᠳ᠋ᠨᠠᠮ ᠪᠣᠯ | ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠭᠠᠭᠴᠠ | ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠪᠦᠬᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ | ᠬᠡᠮᠵᠢᠶ᠎ᠡ ᠳᠤᠷᠠᠳᠪᠠ᠃ | ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ᠃ ᠬᠤᠶᠠᠷ ᠨᠠᠮ ᠬᠤᠶᠠᠷ ᠤᠯᠤᠰ ᠤᠨ | ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ ᠲᠠᠯ᠎ᠠ ᠪᠠᠷ ᠢᠶᠠᠨ | ᠨᠠᠮ ᠤᠨ ᠬᠤᠭᠤᠷᠣᠨᠳᠦᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠠᠮ ᠰᠤᠪᠠᠭ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ | ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠦᠶ᠎ᠡ᠃ | ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ᠃ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ | ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3+3︾ ᠶᠢᠨ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ | ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠡᠮᠡᠭᠳᠡᠭᠦᠯᠦᠶ᠎ᠡ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ | ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ ᠴᠢᠮᠡᠭᠡ | ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ | ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ | ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ | ᠲᠣᠭᠲᠠᠭᠤᠨ ᠢ ᠬᠠᠮᠠᠭᠠᠯᠠᠶ᠎ᠠ᠃ | ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠳᠤᠮᠳᠠᠳᠤ ᠤᠯᠤᠰ ᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠪᠣᠯᠣᠨ ᠸᠢᠶᠧᠳ᠋ᠨᠠᠮ ᠤᠨ ᠰᠢᠨ᠎ᠡ ᠭᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ | ᠲᠣᠭᠢᠶᠠᠯ ᠢ ᠡᠵᠡᠮᠳᠡᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ᠃ ᠬᠤᠶᠠᠷ | ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠣᠶᠤᠨᠲᠤ ᠬᠢᠯᠢ ᠶᠢᠨ ᠪᠣᠭᠤᠮᠲᠠ ᠶᠢ ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ | ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ ᠤ ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ | ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠳ᠋ᠨᠠᠮ ᠳᠤ ᠨᠡᠭᠡᠭᠡᠯᠲᠡ ᠬᠢᠵᠦ᠂ ᠸᠢᠶᠧᠳ᠋ᠨᠠᠮ ᠤᠨ ᠨᠡᠩ ᠤᠯᠠᠨ ᠰᠢᠯᠢᠳᠡᠭ ᠦᠢᠯᠡᠳᠬᠦᠨ ᠢ | ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ | ᠸᠢᠶᠧᠳ᠋ᠨᠠᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ ᠸᠢᠶᠧᠳ᠋ᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠪᠤᠢ ᠪᠤᠯᠭᠠᠬᠤ ᠶᠢ ᠬᠦᠰᠡᠵᠦ ᠪᠠᠶᠢᠨ᠎ᠠ᠃ | ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ᠃ ᠡᠨᠡ ᠵᠢᠯ ᠤᠨ ︽ᠳᠤᠮᠳᠠᠳᠤ ᠸᠢᠶᠧᠳ᠋ᠨᠠᠮ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠠᠵᠠ ᠲᠣᠭᠢᠶᠠᠯ ᠪᠤᠯᠭᠠᠵᠤ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠣᠯᠣᠭᠰᠠᠨ ᠨᠡᠩ | ᠤᠯᠠᠨ ᠨᠥᠭᠦᠷᠰᠡᠭ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ | ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ᠂ ᠨᠥᠭᠦᠷᠰᠡᠭ ᠦᠯᠢᠭᠡᠷ ᠢ ᠰᠠᠶᠢᠲᠤᠷ ᠶᠠᠷᠢᠵᠤ᠂ ᠬᠤᠶᠢᠰᠢᠳᠠ ᠶᠢᠨ 3 ᠵᠢᠯ ᠳᠤ | ᠸᠢᠶᠧᠳ᠋ᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ ︽ᠬᠤᠪᠢᠰᠬᠠᠯ ᠤᠨ ᠰᠤᠳᠤᠯᠭᠠᠨ ᠤ ᠠᠶᠠᠯᠠᠯ︾ ᠢ ᠥᠷᠨᠢᠭᠦᠯᠵᠦ᠂ ᠬᠤᠶᠠᠷ | ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ ᠢᠷᠡᠭᠰᠡᠨ᠂ ᠬᠤᠶᠠᠷ | ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ᠂ ᠳᠤᠮᠳᠠᠳᠤ ᠸᠢᠶᠧᠳ᠋ᠨᠠᠮ ᠤᠨ ᠬᠠᠷᠢᠯᠴᠠᠭᠠᠨ ᠤ | ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ᠃ | ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ | ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ | ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ | ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠭᠤᠷᠪᠠᠨ ᠶᠡᠭᠡ ᠪᠦᠬᠦ ᠪᠥᠮᠪᠥᠷᠴᠡᠭ ᠤᠨ | ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ | ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ | ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ᠃ | ᠵᠢᠷᠭᠤᠭ᠎ᠠ ᠳᠤ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ᠃ ᠬᠤᠶᠠᠷ ᠤᠯᠤᠰ ᠤᠨ ᠤᠳᠤᠷᠢᠳᠬᠤ ᠬᠥᠮᠥᠰ ᠤᠨ ᠬᠠᠮᠲᠤ ᠶᠢᠨ | ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ | ᠥᠷᠭᠡᠳᠬᠡᠵᠦ᠂ ᠬᠠᠮᠲᠤ ᠪᠠᠷ ᠨᠡᠭᠡᠭᠡᠨ ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢ | ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ᠃ | ᠰᠦ᠋ ᠯᠢᠨ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠣᠶ ᠶᠢᠨ ᠲᠠᠰᠢᠷᠠᠮ ᠢᠶᠠᠷ ᠸᠢᠶᠧᠳ᠋ᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ᠃ ᠰᠦ᠋ ᠯᠢᠨ᠂ ᠶᠡᠷᠦᠩᠬᠡᠢ | ᠱᠦᠵᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ᠂ ᠪᠠᠰᠠ ᠴᠤ ᠸᠢᠶᠧᠳ᠋ᠨᠠᠮ ᠤᠨ ᠠᠷᠠᠳ ᠲᠦᠮᠡᠨ ᠤ | ᠠᠭᠤᠤ ᠶᠡᠭᠡ ᠨᠠᠶᠢᠵᠠ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ ᠠᠶᠢᠯᠴᠢᠯᠠᠯᠲᠠ ᠳᠠᠭᠠᠨ ᠸᠢᠶᠧᠳ᠋ᠨᠠᠮ ᠳᠤ | ᠢᠷᠡᠭᠰᠡᠨ ᠨᠢ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ ᠪᠠᠶᠢᠬᠤ ᠪᠠ ᠸᠢᠶᠧᠳ᠋ᠨᠠᠮ ᠢ ᠲᠡᠮᠵᠢᠵᠥ ᠪᠠᠶᠢᠬᠤ ᠶᠢ ᠭᠦᠢᠴᠡᠳ ᠢᠯᠡᠷᠡᠭᠦᠯᠪᠡ᠃ | ᠲᠤᠰ ᠤᠳᠠᠭ᠎ᠠ ᠶᠢᠨ ᠠᠶᠢᠯᠴᠢᠯᠠᠯᠲᠠ ᠨᠢ ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ | ᠪᠣᠯᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ᠃ | ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ ᠬᠥᠭᠵᠢᠵᠦ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ | ᠂ ᠸᠢᠶᠧᠳ᠋ᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ | ᠸᠢᠶᠧᠳ᠋ᠨᠠᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠭᠡᠵᠦ ᠢᠯᠡᠳᠬᠡᠪᠡ᠃ | ᠰᠦ᠋ ᠯᠢᠨ᠂ ᠸᠢᠶᠧᠳ᠋ᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠪᠣᠯᠣᠨ᠎ᠠ᠂ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠳ᠋ᠨᠠᠮ ᠤᠨ ᠪᠤᠰᠤᠳᠴᠢ ᠱᠠᠭᠠᠷᠳᠠᠯᠭ᠎ᠠ ᠮᠥᠨ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ | ᠲᠡᠷᠢᠭᠦᠨ ᠴᠢᠬᠤᠯᠠ ᠰᠣᠩᠭᠤᠯᠲᠠ ᠮᠥᠨ᠃ ᠸᠢᠶᠧᠳ᠋ᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ | ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠠᠮᠠᠷᠪᠠ ᠬᠠᠭᠠᠴᠠᠭᠤᠯᠬᠤ | ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ | ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ᠃ ᠸᠢᠶᠧᠳ᠋ᠨᠠᠮ ᠤᠨ ᠬᠢᠨ ᠳᠤᠮᠳᠠᠳᠤ | ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ | ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ | ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ ᠪᠤᠯᠭᠠᠬᠤ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠣᠷᠣᠨ ᠨᠤᠲᠤᠭ᠂ ᠵᠠᠯᠠᠭᠤᠴᠤᠳ ᠤᠨ | ᠶᠠᠪᠤᠯᠴᠠᠭ᠎ᠠ ᠶᠢ ᠠᠬᠢᠭᠤᠯᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ | ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠸᠢᠶᠧᠳ᠋ᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ | ᠭᠡᠷ ᠣᠷᠣᠨ︾ ᠢ ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ | ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ | ᠲᠠᠪᠤᠨ ᠵᠠᠷᠴᠢᠮ ᠢ ᠪᠠᠲᠤ ᠰᠠᠬᠢᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ᠂ ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ᠂ | ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠲᠠᠯᠠᠢ ᠳᠡᠭᠡᠷᠡᠬᠢ ᠲᠣᠭᠲᠠᠭᠤᠨ ᠢ | ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ᠃ ᠬᠤᠶᠠᠷ ᠨᠠᠮ ᠤᠨ ᠶᠡᠷᠦᠩᠬᠡᠢ ᠱᠦᠵᠢ | ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ | ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ ᠬᠤᠯᠪᠣᠭᠳᠠᠨ᠎ᠠ | ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ | ᠬᠠᠩᠭᠠᠬᠤ ᠪᠠᠷ ᠲᠣᠭᠲᠠᠪᠠ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ ᠬᠠᠷᠢᠯᠴᠠᠨ ᠲᠣᠯᠢ ᠪᠤᠯᠭᠠᠬᠤ᠂ ᠨᠡᠶᠢᠭᠡᠮ ᠵᠢᠷᠤᠮ ᠤᠨ | ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ ᠴᠢᠳᠠᠪᠤᠷᠢ᠂ | ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ᠂ ᠰᠣᠶᠣᠯ ᠪᠠ ᠪᠡᠶ᠎ᠡ ᠶᠢᠨ ᠲᠠᠮᠢᠷ᠂ ᠠᠷᠠᠳ ᠤᠨ | ᠠᠮᠢᠳᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠳ᠋ᠨᠠᠮ ᠤᠯᠤᠰ ᠤᠨ | ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ | ᠠᠴᠢ ᠬᠤᠯᠪᠣᠭᠳᠠᠯ ᠪᠦᠬᠦᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ | ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |