ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ | ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ | ᠬᠠᠮᠲᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠦᠶ᠎ᠡ ᠳᠤ ᠳᠤᠮᠳᠠᠳᠤ ᠸᠢᠶᠧᠳ᠋ᠨᠠᠮ ᠤᠨ | ᠡᠯ᠎ᠡ ᠡᠲᠡᠭᠡᠳ ᠤᠨ ᠨᠥᠭᠦᠷᠰᠡᠭ ᠬᠥᠮᠥᠰ ᠬᠠᠯᠠᠭᠤᠨ ᠠᠯᠠᠭ᠎ᠠ ᠲᠡᠰᠢᠯᠲᠡ ᠪᠠᠷ ᠤᠭᠲᠤᠪᠠ᠃ | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠦ᠋ ᠯᠢᠨ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ | ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ ᠪᠣᠯ ᠰᠢ ᠶᠢᠨ ᠫᠢᠩ ︽ᠡᠶᠡᠯᠳᠡᠭ ᠬᠥᠷᠰᠢ ᠶᠢᠨ ᠨᠥᠭᠦᠷᠰᠡᠭ | ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ ᠬᠤᠪᠢ ᠵᠠᠶᠠᠭ᠎ᠠ ᠪᠠᠨ ᠬᠠᠮᠲᠤᠳᠬᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠰᠡᠳᠦᠪ ᠢᠶᠠᠷ | ᠪᠠᠶᠠᠷ ᠤᠨ ᠦᠭᠡ ᠬᠡᠯᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ ︽ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ ᠬᠤᠪᠢ ᠵᠠᠶᠠᠭ᠎ᠠ ᠪᠠᠨ ᠬᠠᠮᠲᠤᠳᠬᠠᠬᠤ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ | ᠂ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ ᠦᠨᠳᠦᠰᠦ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ | ᠴᠢᠳᠠᠯ ᠨᠢ ᠠᠷᠠᠳ ᠲᠦᠮᠡᠨ ᠳᠤ ᠪᠤᠢ᠃ ᠤᠷᠳᠤ ᠬᠤᠭᠤᠴᠠᠭᠠᠨ ᠤ ᠲᠤᠷᠰᠢ ᠭᠠᠷ ᠬᠤᠯᠪᠣᠨ ᠮᠥᠬᠦᠯ ᠠᠴᠠ ᠠᠪᠤᠷᠠᠵᠤ ᠣᠷᠣᠰᠢᠯ ᠲᠣᠭᠲᠠᠨᠢᠯ ᠢ ᠬᠥᠭᠡᠭᠡᠴᠡᠯᠳᠦᠨ | ᠬᠤᠪᠢᠰᠬᠠᠯ ᠤᠨ ᠣᠴᠢ ᠶᠢ ᠳᠦᠷᠡᠯᠵᠡᠭᠦᠯᠦᠭᠰᠡᠨ ᠠᠴᠠ᠂ ᠮᠥᠷᠥ ᠵᠡᠷᠭᠡᠴᠡᠨ ᠪᠠᠶᠢᠯᠳᠤᠵᠤ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ | ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ᠂ ᠲᠠᠭᠢᠨ ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ ᠭᠦᠷᠲᠡᠯ᠎ᠡ ᠳᠤᠮᠳᠠᠳᠤ ᠸᠢᠶᠧᠳ᠋ᠨᠠᠮ | ᠬᠤᠶᠠᠷ ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠳᠤᠮᠳᠠᠳᠤ | ᠸᠢᠶᠧᠳ᠋ᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠨ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ | ᠦᠨᠳᠦᠰᠦᠯᠡᠨ ᠰᠣᠶᠣᠭᠠᠯᠠᠵᠤ᠂ ᠬᠤᠶᠠᠷ ᠤᠯᠤᠰ ᠤᠨ ᠠᠷᠠᠳ ᠲᠦᠮᠡᠨ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠲᠡᠮᠡᠴᠡᠨ | ᠣᠯᠬᠤ ᠲᠥᠪ ᠶᠣᠰᠣᠨ ᠤ ᠦᠢᠯᠡᠰ ᠤᠨ ᠳᠤᠮᠳᠠ ᠮᠥᠷᠥ ᠵᠡᠷᠭᠡᠴᠡᠨ ᠪᠠᠶᠢᠯᠳᠤᠵᠤ᠂ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ ᠨᠥᠬᠦᠷᠯᠡᠯ ᠢ ᠭᠠᠯ | ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ᠃ ᠳᠤᠮᠳᠠᠳᠤ ᠸᠢᠶᠧᠳ᠋ᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ | ᠳᠤᠮᠳᠠ ᠴᠡᠴᠡᠭᠯᠡᠨ ᠵᠢᠮᠢᠰᠯᠡᠵᠦ᠂ ᠬᠤᠶᠠᠷ ᠲᠠᠯ᠎ᠠ ᠪᠠᠷ ᠢᠶᠠᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠢ ᠪᠠᠲᠤ ᠡᠵᠡᠮᠳᠡᠵᠦ᠂ ᠲᠤᠰ ᠲᠤᠰ ᠤᠨ ᠢᠶᠠᠨ | ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ | ᠦᠢᠯᠡᠰ ᠤᠨ ᠰᠢᠨ᠎ᠡ ᠠᠮᠵᠢᠯᠲᠠ ᠶᠢ ᠲᠠᠰᠤᠷᠠᠯᠳᠠ ᠦᠭᠡᠢ ᠡᠭᠦᠳᠪᠡ᠃ ᠳᠤᠮᠳᠠᠳᠤ ᠸᠢᠶᠧᠳ᠋ᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ | ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠢᠮᠠᠭᠲᠠ ᠲᠡᠦᠬᠡ ᠶᠢᠨ ᠵᠥᠪ ᠲᠠᠯ᠎ᠠ᠂ ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ | ᠪᠠᠲᠤ ᠵᠣᠭᠰᠣᠵᠤ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠢᠳᠡᠪᠬᠢ ᠬᠦᠴᠦᠨ ᠬᠠᠩᠭᠠᠵᠠᠢ ᠭᠡᠵᠦ ᠴᠢᠬᠤᠯᠠᠴᠢᠯᠠᠪᠠ᠃ | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠦ᠋ ᠯᠢᠨ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ | ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ ᠪᠣᠯ ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ᠂ ᠯᠢᠶᠠᠩ | ᠴᠢᠶᠠᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ | ᠦᠵᠡᠰᠭᠦᠯᠡᠩ ᠢ ᠰᠣᠨᠢᠷᠬᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠬᠤᠶᠠᠷ ᠤᠯᠤᠰ ᠤᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ | ᠪᠣᠯ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ᠃ ᠵᠠᠯᠠᠭᠤᠴᠤᠳ ᠪᠣᠯ ᠠᠵᠢᠯ | ᠦᠢᠯᠡᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ ᠸᠢᠶᠧᠳ᠋ᠨᠠᠮ ᠤᠨ ᠵᠠᠯᠠᠭᠤᠴᠤᠳ ᠢ ᠳᠤᠮᠳᠠᠳᠤ | ᠤᠯᠤᠰ ᠲᠤ ᠤᠷᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠢ ᠥᠷᠨᠢᠭᠦᠯᠵᠦ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ | ᠤᠳᠤᠷᠢᠳᠬᠤ ᠬᠥᠮᠥᠰ ᠤᠨ ᠬᠤᠪᠢᠰᠬᠠᠯ ᠤᠨ ᠤᠯᠠ ᠮᠥᠷ ᠢ ᠮᠥᠷᠳᠡᠵᠦ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠨ ᠲᠠᠯ᠎ᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠵᠤ᠂ ᠬᠤᠶᠠᠷ ᠤᠯᠤᠰ ᠤᠨ | ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠳ᠋ᠨᠠᠮ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠨ᠎ᠠ ᠭᠡᠵᠦ ᠵᠢᠭᠠᠵᠤ ᠭᠠᠷᠭᠠᠪᠠ᠃ | ᠰᠦ᠋ ᠯᠢᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠳᠤ ᠲᠡᠦᠬᠡᠲᠦ ᠴᠢᠨᠠᠷᠲᠠᠢ ᠠᠶᠢᠯᠴᠢᠯᠠᠯᠲᠠ ᠬᠢᠵᠦ᠂ ᠬᠤᠶᠠᠷ | ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠢ ᠬᠠᠮᠲᠤ ᠪᠠᠷ ᠪᠡᠯᠭᠡᠯᠡᠬᠦ | ᠲᠠᠰᠢᠷᠠᠮ ᠳᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠢ ᠡᠷᠭᠢᠯᠡᠭᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ | ᠨᠥᠭᠦᠷᠰᠡᠭ ᠬᠠᠮᠲᠤᠷᠠᠯᠴᠠᠭ᠎ᠠ ᠪᠣᠯ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠭᠤᠣᠯ ᠤᠷᠤᠰᠬᠠᠯ ᠪᠣᠯᠣᠭᠰᠠᠭᠠᠷ ᠢᠷᠡᠵᠠᠢ᠂ ᠳᠤᠮᠳᠠᠳᠤ ᠤᠯᠤᠰ ᠤᠨ ᠨᠠᠮ᠂ | ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠳ᠋ᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ᠂ ᠤᠯᠤᠰ ᠤᠨ ᠨᠢᠭᠡᠳᠦᠯ ᠪᠣᠯᠣᠨ ᠪᠦᠲᠦᠭᠡᠨ | ᠪᠠᠶᠢᠭᠤᠯᠤᠯᠲᠠ ᠶᠢᠨ ᠠᠬᠢᠴᠠ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠵᠡᠢ᠂ ᠸᠢᠶᠧᠳ᠋ᠨᠠᠮ ᠤᠨ ᠬᠢᠨ ᠡᠭᠦᠨ ᠢ ᠢᠮᠠᠭᠲᠠ ᠪᠠᠲᠤ ᠴᠡᠭᠡᠵᠢᠯᠡᠨ᠎ᠡ᠃ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ | ᠱᠠᠲᠤᠨ ᠳᠤ ᠣᠷᠣᠬᠤ ᠶᠢ ᠬᠥᠲᠥᠯᠥᠨ ᠳᠠᠭᠠᠭᠤᠯᠬᠤ ᠨᠢ ᠪᠠᠰᠠ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠭᠦ | ᠪᠣᠯᠣᠨ᠎ᠠ᠃ ᠵᠠᠯᠠᠭᠤᠴᠤᠳ ᠪᠣᠯ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠤᠯᠠᠮᠵᠢᠯᠠᠨ ᠬᠥᠭᠵᠢᠭᠦᠯᠬᠦ ᠬᠦᠰᠡᠯ ᠡᠷᠡᠮᠡᠯᠵᠡᠯ ᠮᠥᠨ᠃ ᠸᠢᠶᠧᠳ᠋ᠨᠠᠮ | ᠳᠤᠮᠳᠠᠳᠤ ᠶᠢᠨ ᠵᠠᠯᠠᠭᠤᠴᠤᠳ ᠲᠡᠦᠬᠡᠲᠦ ᠡᠭᠦᠷᠭᠡ ᠪᠠᠨ ᠡᠭᠦᠷᠭᠡᠯᠡᠵᠦ᠂ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠪᠡᠶ᠎ᠡ ᠪᠠᠷ ᠢᠶᠠᠨ | ᠴᠣᠭᠴᠠᠯᠠᠨ ᠪᠠᠶᠢᠭᠤᠯᠵᠤ ᠪᠤᠶᠢᠵᠢᠭᠤᠯᠤᠭᠰᠠᠨ ᠤᠯᠠᠮᠵᠢᠯᠠᠯᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠶ᠎ᠠ︔ ᠸᠢᠶᠧᠳ᠋ᠨᠠᠮ ᠤᠨ ᠵᠠᠯᠠᠭᠤᠴᠤᠳ ᠤᠨ ᠳᠤᠮᠳᠠᠳᠤ | ᠤᠯᠤᠰ ᠲᠤ ᠣᠴᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠶᠠᠷ ᠤᠯᠤᠰ ᠤᠨ ︽ᠨᠥᠬᠦᠷ | ᠪᠥᠭᠡᠳ ᠠᠬ᠎ᠠ ᠳᠡᠭᠦᠦ︾ ᠶᠢᠨ ᠨᠥᠬᠦᠷᠯᠡᠯ ᠢ ᠭᠦᠨᠵᠡᠭᠡᠶᠢᠷᠡᠭᠦᠯᠦᠶ᠎ᠡ︔ ᠵᠠᠮ ᠨᠡᠭᠡᠭᠡᠨ ᠰᠢᠨ᠎ᠡ ᠶᠢ ᠡᠭᠦᠳᠴᠦ᠂ ᠪᠦᠯᠬᠦᠮᠳᠡᠨ ᠬᠠᠮᠵᠢᠯᠴᠠᠵᠤ᠂ ᠬᠥᠭᠵᠢᠯᠲᠡ ᠶᠢ | ᠬᠠᠮᠲᠤ ᠪᠠᠷ ᠡᠷᠢᠯᠬᠢᠯᠡᠵᠦ᠂ ᠬᠤᠶᠠᠷ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠭᠤᠣᠯ ᠬᠦᠴᠦᠨ ᠴᠡᠷᠢᠭ ᠤᠨ ᠦᠢᠯᠡᠳᠦᠯ ᠢᠶᠠᠨ ᠪᠠᠳᠠᠷᠠᠭᠤᠯᠤᠶ᠎ᠠ ᠭᠡᠵᠦ | ᠢᠯᠡᠳᠬᠡᠪᠡ᠃ | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ ᠸᠢᠶᠧᠳ᠋ᠨᠠᠮ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ | ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ ᠪᠣᠯ | ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠤᠨ ᠲᠦᠷᠦᠯ | ᠵᠦᠢᠯ ᠢ ᠡᠬᠢᠯᠡᠭᠦᠯᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ ᠦᠵᠡᠰᠭᠦᠯᠡᠩ ᠢ ᠰᠣᠨᠢᠷᠬᠠᠵᠤ᠂ ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠨᠥᠭᠦᠷᠰᠡᠭ | ᠶᠠᠪᠤᠯᠴᠠᠭ᠎ᠠ ᠶᠢᠨ ᠬᠤᠪᠣᠷ ᠨᠠᠨᠳᠢᠨ ᠵᠢᠷᠤᠭ ᠳᠦᠷᠰᠦ ᠶᠢ ᠡᠷᠭᠢᠴᠡᠭᠦᠯᠪᠡ᠃ | ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠤᠨ | ᠲᠦᠷᠦᠯ ᠵᠦᠢᠯ ᠢ ᠡᠬᠢᠯᠡᠭᠦᠯᠪᠡ᠃ ᠰᠢ ᠶᠢᠨ ᠫᠢᠩ ᠪᠣᠯᠣᠨ ᠰᠦ᠋ ᠯᠢᠨ᠂ ᠹᠠᠨ ᠮᠢᠩ ᠵᠧᠩ ᠬᠠᠮᠲᠤ ᠪᠠᠷ ᠳᠤᠮᠳᠠᠳᠤ ᠸᠢᠶᠧᠳ᠋ᠨᠠᠮ ᠤᠨ ᠲᠡᠮᠦᠷ ᠵᠠᠮ ᠤᠨ | ᠬᠠᠮᠲᠤᠷᠠᠯᠴᠠᠭᠠᠨ ᠤ ᠲᠣᠭᠲᠠᠴᠠ ᠶᠢᠨ ᠡᠭᠢᠯᠡᠯᠲᠡ ᠶᠢᠨ ᠶᠣᠰᠣᠯᠠᠯ ᠢ ᠭᠡᠷᠡᠴᠢᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ |