ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠢᠭᠡ ᠴᠣᠭᠴᠠᠵᠢᠭᠤᠯᠤᠭᠰᠠᠨ | ᠦᠢᠯᠡᠴᠢᠯᠡᠭᠡᠨ ᠤ ︽30 ᠮᠢᠨᠦ᠋ᠲ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠢᠶ᠎ᠡ︾ ᠶᠢ ᠪᠣᠶ ᠪᠣᠯᠭᠠᠬᠤ ᠶᠢᠨ ᠲᠤᠰᠠᠳᠠ᠂ ︽ᠠᠵᠤ | ᠠᠬᠤᠶᠢᠯᠠᠯ ᠢ ᠲᠤᠰᠠᠯᠠᠬᠤ ᠬᠠᠤᠯᠢ ᠴᠠᠭᠠᠵᠠ ᠶᠢᠨ ᠬᠠᠩᠭᠠᠯᠭ᠎ᠠ ᠶᠢᠨ ᠲᠤᠰᠬᠠᠢ ᠠᠵᠢᠯᠯᠠᠭ᠎ᠠ︾ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠪᠠᠶᠢᠭ᠎ᠠ ᠬᠠᠷᠢᠶ᠎ᠠ ᠣᠷᠣᠨ ᠤ ᠠᠵᠤ ᠠᠬᠤᠶᠢᠯᠠᠯ ᠳᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠣᠶᠢᠷ᠎ᠠ ᠳᠤ᠂ ᠡᠯ᠎ᠡ ᠠᠵᠢᠯ ᠤᠨ ᠥᠷᠲᠡᠭᠡ ᠵᠠᠯᠭᠠᠭ᠎ᠠ ᠪᠠᠷ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠬᠦ︾᠂ | ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠪᠡ᠃ | ︽ᠠᠵᠤ ᠠᠬᠤᠶᠢᠯᠠᠯ ᠳᠤ ᠦᠢᠯᠡᠴᠢᠯᠡᠭᠡ ᠬᠦᠷᠭᠡᠵᠦ ᠬᠥᠭᠵᠢᠯᠲᠡ ᠶᠢ ᠠᠬᠢᠭᠤᠯᠤᠨ᠎ᠠ︾᠃ ᠲᠡᠮᠦᠷ ᠵᠠᠮ ᠤᠨ ᠵᠡᠭᠦᠨᠳᠡᠬᠢ ᠵᠡᠭᠡᠯᠢ ᠭᠤᠳᠤᠮᠵᠢ ᠶᠢᠨ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠲᠡᠭᠡ ᠵᠠᠯᠠᠨ ᠠᠶᠢᠯ ᠬᠤᠳᠠ ᠶᠢᠨ ᠯᠦᠩ ᠪᠧᠢ ᠱᠦᠢᠨᠢ ᠶᠢᠨ ᠬᠢᠵᠠᠭᠠᠷᠲᠤ ᠺᠣᠮᠫᠠᠨᠢ ᠳᠤ | ᠬᠦᠷᠴᠦ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ᠠᠵᠢᠯᠲᠠᠳ ᠤᠨ ᠠᠩᠬᠠᠷᠤᠯ ᠲᠠᠯᠪᠢᠵᠤ ᠪᠠᠶᠢᠭ᠎ᠠ | ᠬᠥᠳᠡᠯᠮᠦᠷᠢ ᠶᠢᠨ ᠬᠠᠷᠢᠴᠠᠭ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠠᠶᠣᠯᠬᠦᠢ ᠦᠢᠯᠡᠳᠪᠦᠷᠢᠯᠡᠯ᠂ ᠠᠵᠢᠯᠲᠠᠳ ᠤᠨ ᠠᠰᠠᠷᠠᠮᠵᠢ᠂ ᠡᠷᠬᠡ | ᠠᠰᠢᠭ ᠤᠨ ᠬᠠᠮᠠᠭᠠᠯᠠᠯᠲᠠ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠠᠷᠭ᠎ᠠ ᠵᠠᠮ ᠵᠡᠷᠭᠡ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠠᠵᠤ ᠠᠬᠤᠶᠢᠯᠠᠯ ᠤᠨ | ᠳᠤᠷᠠᠳᠤᠭᠰᠠᠨ ᠭᠡᠷ᠎ᠡ ᠶᠢᠨ ᠵᠠᠭᠤᠷᠠᠯᠳᠤᠭᠠᠨ᠂ ᠠᠵᠢᠯᠴᠢᠨ ᠬᠡᠷᠡᠭᠯᠡᠬᠦ ᠠᠶᠤᠯ ᠲᠦᠭᠰᠢᠭᠦᠷᠢ ᠵᠡᠷᠭᠡ ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤᠯᠲᠠ ᠥᠭᠬᠦ ᠶᠢᠨ | ᠬᠠᠮᠲᠤ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠠᠵᠤ ᠠᠬᠤᠶᠢᠯᠠᠯ ᠳᠤ ᠶᠠᠭᠤ ᠶᠢ ᠬᠥᠨᠳᠡᠯᠡᠨ ᠠᠴᠠ ᠲᠠᠰᠤᠯᠬᠤ᠂ ᠬᠥᠨᠳᠡᠯᠡᠨ ᠠᠴᠠ ᠲᠠᠰᠤᠯᠬᠤ ᠶᠢᠨ ᠳᠠᠪᠠᠭᠤᠯᠢᠭ | ᠂ ᠬᠡᠷᠡᠭ ᠬᠦᠯᠢᠶᠡᠨ ᠠᠪᠬᠤ ᠬᠡᠪᠴᠢᠶ᠎ᠡ ᠵᠡᠷᠭᠡ ᠬᠥᠨᠳᠡᠯᠡᠨ ᠠᠴᠠ ᠲᠠᠰᠤᠯᠬᠤ ᠮᠡᠳᠡᠯᠭᠡ ᠶᠢ ᠲᠦᠭᠡᠮᠡᠯᠵᠢᠭᠦᠯᠵᠡᠢ᠃ | ᠬᠠᠤᠯᠢ ᠴᠠᠭᠠᠵᠠ ᠪᠠᠷ ᠠᠵᠤ ᠠᠬᠤᠶᠢᠯᠠᠯ ᠢ ᠳᠡᠮᠵᠢᠬᠦ ᠦᠢᠯᠡᠴᠢᠯᠡᠭᠡ ᠶᠢ ᠴᠢᠩᠭᠠᠳᠬᠠᠵᠤ᠂ ᠡᠵᠡᠩᠨᠡᠨ ᠬᠤᠳᠠᠯᠳᠣᠭᠠᠯᠠᠬᠤ ᠬᠥᠳᠡᠯᠭᠡᠬᠦ ᠬᠦᠴᠦᠨ ᠢ | ᠰᠢᠯᠢᠳᠡᠭᠵᠢᠭᠦᠯᠪᠡ᠃ ᠵᠧᠩ ᠶᠠᠩ ᠵᠡᠭᠡᠯᠢ ᠭᠤᠳᠤᠮᠵᠢ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠲᠡᠭᠡ ᠬᠠᠷᠢᠶ᠎ᠠ ᠣᠷᠣᠨ ᠤ | ᠵᠦᠩ ᠾᠧ ᠲᠦᠷᠦᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ | ᠲᠤᠯᠭᠠᠷᠠᠵᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠪᠣᠯᠣᠨ ᠪᠣᠳᠠᠲᠠᠢ ᠬᠠᠤᠯᠢ ᠴᠠᠭᠠᠵᠠ ᠶᠢᠨ ᠬᠡᠷᠡᠭᠴᠡᠭᠡ ᠶᠢ ᠨᠠᠷᠢᠨ ᠣᠶᠢᠯᠠᠭᠠᠪᠠ᠃ ᠬᠠᠮᠢᠶᠠᠷᠤᠭᠴᠢ ᠶᠢᠨ | ᠳᠤᠷᠠᠳᠤᠭᠰᠠᠨ ᠭᠡᠷ᠎ᠡ ᠲᠣᠭᠲᠠᠭᠠᠬᠤ᠂ ᠬᠥᠳᠡᠯᠮᠦᠷᠢ ᠶᠢᠨ ᠬᠦᠴᠦᠨ ᠢ ᠬᠡᠷᠡᠭᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ | ᠲᠤᠯᠭᠠᠷᠠᠭᠰᠠᠨ ᠬᠠᠤᠯᠢ ᠴᠠᠭᠠᠵᠠ ᠶᠢᠨ ᠲᠥᠭᠡᠷᠢᠭᠳᠡᠯ ᠳᠤ ᠴᠢᠭᠯᠡᠭᠦᠯᠦᠨ᠂ ᠠᠵᠢᠯᠲᠠᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠨᠡᠶᠢᠲᠡᠯᠢᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠥᠭᠡᠳ ᠦᠨᠡᠨ ᠬᠦ ᠬᠡᠷᠡᠭᠵᠢᠭᠦᠯᠵᠦ ᠪᠣᠯᠬᠤᠶᠢᠴᠠ | ᠬᠠᠤᠯᠢ ᠴᠠᠭᠠᠵᠠ ᠶᠢᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ᠂ ᠠᠵᠢᠯᠲᠠᠨ ᠠᠵᠢᠯᠴᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ︾᠂ ᠬᠥᠨᠳᠡᠯᠡᠨ ᠠᠴᠠ ᠲᠠᠰᠤᠯᠬᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠬᠥᠨᠳᠡᠯᠡᠨ ᠠᠴᠠ ᠲᠠᠰᠤᠯᠬᠤ ᠶᠢᠨ | ᠲᠣᠮᠢᠶᠠᠯᠠᠯ᠂ ᠣᠨᠴᠠᠯᠢᠭ᠂ ᠵᠢᠷᠤᠮ ᠵᠢᠴᠢ ᠵᠠᠷᠭᠤᠯᠳᠤᠭᠠᠨ ᠯᠤᠭ᠎ᠠ ᠶᠢᠨ ᠢᠯᠭᠠᠭ᠎ᠠ ᠶᠢ ᠨᠠᠷᠢᠨ ᠲᠠᠶᠢᠯᠪᠤᠷᠢᠯᠠᠵᠤ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 50 | ᠭᠠᠷᠤᠢ ᠬᠤᠪᠢ ᠲᠠᠷᠬᠠᠭᠠᠪᠠ᠃ | ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠨᠢ ᠡᠯ᠎ᠡ ᠰᠢᠶᠠᠩ ᠪᠠᠯᠭᠠᠰᠤ᠂ | ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠲᠠᠢ ᠨᠢᠭᠲᠠ ᠬᠠᠷᠢᠯᠴᠠᠵᠤ᠂ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠᠬᠢ ᠰᠠᠭᠤᠷᠢ ᠴᠢᠨᠠᠷᠲᠠᠢ᠂ ᠦᠢᠯᠡᠴᠢᠯᠡᠭᠡᠨ ᠤ | ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ | ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ | ᠬᠠᠤᠯᠢ ᠴᠠᠭᠠᠵᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠴᠢᠨᠠᠷ ᠰᠠᠶᠢᠲᠠᠢ᠂ ᠥᠨᠳᠥᠷ | ᠪᠦᠲᠦᠮᠵᠢᠲᠡᠶ᠂ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠶᠢ ᠬᠠᠩᠭᠠᠨ᠎ᠠ᠃ | | | |