ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠷᠠᠳ ᠤᠨ ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 15 ᠤ ᠡᠳᠦᠷ᠂ ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠷᠠᠳ ᠤᠨ ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠮᠨᠡᠯᠭᠡ ᠶᠢᠨ ᠶᠠᠪᠤᠳᠠᠯ ᠡᠮ ᠤᠨ ᠶᠠᠪᠤᠳᠠᠯ ᠤᠨ ᠰᠲ᠋ᠣᠺ᠂ ᠬᠢᠲᠠᠳ ᠮᠣᠩᠭᠤᠯ ᠤᠨ ᠡᠮᠨᠡᠯᠭᠡ ᠶᠢᠨ ᠰᠲ᠋ᠣᠺ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠲ᠋ᠣᠺ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠰᠲ᠋ᠣᠺ᠂ ᠬᠠᠤᠯᠢ ᠶᠢᠨ ᠬᠢᠨᠠᠯᠲᠠ ᠲᠠᠯᠪᠢᠬᠤ ᠰᠲ᠋ᠣᠺ᠂ ᠵᠠᠰᠠᠭ ᠵᠠᠬᠢᠷᠭᠠᠨ ᠤ ᠰᠲ᠋ᠣᠺ ᠵᠢᠴᠢ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠭᠠᠰ ᠵᠢᠯ ᠤᠨ ᠬᠤᠭᠤᠴᠠᠭ᠎ᠠ ᠲᠠᠢ ᠠᠷᠠᠳ ᠤᠨ ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠬᠤ ᠲᠤᠰᠬᠠᠢ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠪᠥᠬᠦ ᠬᠤᠲᠠ ᠶᠢᠨ ᠠᠷᠠᠳ ᠤᠨ ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠤ  ᠬᠢᠷᠢ ᠬᠡᠮᠵᠢᠶ᠎ᠡ ᠶᠢ ᠦᠨᠡᠨ  ᠬᠦ  ᠳᠡᠭᠡᠭᠰᠢᠯᠡᠭᠦᠯᠦᠨ᠎ᠡ᠃    ᠬᠤᠷᠠᠯᠳᠤᠭᠠᠨ  ᠠᠴᠠ ᠲᠤᠰᠬᠠᠢ ᠠᠵᠢᠯᠯᠠᠭ᠎ᠠ  ᠶᠢᠨ ᠳᠥᠷᠪᠡᠨ ᠶᠡᠭᠡ ᠱᠠᠲᠤ ᠦᠶ᠎ᠡ  ᠶᠢ ᠲᠣᠳᠣᠷᠬᠠᠢ ᠲᠣᠭᠲᠠᠭᠠᠵᠠᠢ᠃ ᠠᠵᠢᠯᠯᠠᠭ᠎ᠠ ᠨᠢ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠬᠠᠮᠤᠷᠴᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠢᠷᠤᠮᠵᠢᠯ᠂ ᠬᠠᠤᠯᠢ ᠶᠣᠰᠣᠭᠠᠷ ᠠᠵᠢᠯ ᠡᠷᠭᠢᠯᠡᠬᠦ ᠬᠠᠮᠢᠶᠠᠷᠤᠯᠲᠠ᠂ ᠣᠨᠣᠰᠢᠯᠠᠨ ᠡᠮᠨᠡᠬᠦ ᠦᠶᠯᠡ ᠠᠵᠢᠯᠯᠠᠭ᠎ᠠ ᠶᠢᠨ ᠵᠢᠷᠤᠮᠵᠢᠯ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠷᠪᠠᠨ ᠶᠡᠭᠡ ᠬᠦᠷᠢᠶ᠎ᠡ ᠶᠢ ᠭᠤᠣᠯᠳᠠᠯᠭ᠎ᠠ ᠲᠠᠢ ᠴᠡᠭᠴᠡᠯᠡᠨ ᠵᠠᠰᠠᠪᠠ᠃ᠬᠤᠷᠠᠯ ᠠᠴᠠ᠂ ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠪᠣᠯ ᠡᠮᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠤᠯᠠᠨ ᠲᠦᠮᠡᠨ ᠤ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠤᠷᠠᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠥᠴᠥᠬᠡᠨ ᠴᠦ ᠠᠭᠤᠴᠢᠯᠠᠬᠤ ᠦᠭᠡᠢ︾ ᠣᠪᠣᠷ ᠢᠶᠠᠷ ᠬᠠᠤᠯᠢ ᠲᠣᠭᠲᠠᠭᠠᠯ ᠠᠴᠠ ᠵᠥᠷᠢᠴᠡᠨ ᠠᠵᠢᠯ ᠡᠷᠬᠢᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠡᠮᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠬᠡᠲᠦᠷᠡᠲᠡᠯ᠎ᠡ ᠣᠨᠣᠰᠢᠯᠠᠨ ᠡᠮᠨᠡᠬᠦ ᠵᠡᠷᠭᠡ ᠦᠵᠡᠭᠳᠡᠯ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠠᠵᠢᠯ ᠲᠦᠷᠦᠯ ᠤᠨ ᠰᠠᠶᠢᠨ ᠰᠠᠶᠢᠬᠠᠨ ᠠᠮᠢ ᠠᠬᠤᠢ ᠶᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ  ᠠᠴᠠ ᠱᠠᠭᠠᠷᠳᠠᠭᠰᠠᠨ ᠨᠢ᠂ ᠡᠯ᠎ᠡ ᠨᠢᠭᠡᠴᠡ ᠲᠦᠷᠭᠡᠨ ᠬᠥᠳᠡᠯᠦᠯᠴᠡᠵᠦ᠂ ︽ᠠᠰᠠᠭᠤᠳᠠᠯ ᠤᠨ ᠨᠠᠷᠢᠨ ᠲᠠᠩᠰᠠ ︱ ᠴᠡᠭᠴᠡᠯᠡᠨ ᠵᠠᠰᠠᠬᠤ ᠡᠬᠡ ᠲᠠᠩᠰᠠ ︱ ᠦᠨᠡᠯᠡᠨ ᠵᠢᠱᠢᠵᠦ ᠳ᠋ᠤᠭᠠᠷ  ᠢ ᠬᠠᠰᠤᠬᠤ︾ ᠪᠢᠲᠡᠭᠦᠦ ᠴᠠᠭᠠᠷᠢᠭ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠠᠯᠪᠠ ᠬᠠᠰᠢᠵᠤ ᠠᠮᠠ ᠪᠥᠭᠯᠡᠭᠰᠡᠨ᠂ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠦᠭᠡᠢ ᠨᠢᠭᠡᠴᠡ ᠪᠠ ᠬᠤᠪᠢ ᠬᠥᠮᠥᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠭᠦᠨ ᠤ ᠬᠠᠮᠲᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ᠂ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ