4 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠲᠦᠯᠬᠢᠨ | ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠥᠯᠥᠨ ᠪᠤᠶᠢᠷ ᠬᠤᠳᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ | ᠬᠠᠭᠤᠴᠢ ᠰᠤᠳᠤᠯᠤᠯ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠯᠠᠭᠠᠨ ᠤ ᠳᠠᠷᠤᠭ᠎ᠠ ᠯᠢᠦ ᠸᠧᠢ᠂ ᠬᠥᠯᠥᠨ ᠪᠤᠶᠢᠷ ᠮᠦᠽᠧᠢ ᠶᠢᠨ | ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠡᠯᠲᠡᠰ ᠤᠨ ᠡᠷᠬᠢᠯᠡᠭᠴᠢ᠂ ᠬᠤᠳᠠ ᠶᠢᠨ ︽ᠳᠥᠷᠪᠡ ᠶᠢ ᠲᠦᠭᠡᠮᠡᠯᠵᠢᠭᠦᠯᠬᠦ︾ ᠠᠯᠪᠠᠨ | ᠭᠡᠷ ᠤᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠳᠠ ᠵᠠᠯᠠᠨ ᠠᠶᠢᠯ ᠬᠤᠳᠠ ᠶᠢᠨ ︽ᠳᠥᠷᠪᠡ ᠶᠢ ᠲᠦᠭᠡᠮᠡᠯᠵᠢᠭᠦᠯᠬᠦ︾ ᠠᠵᠢᠯᠯᠠᠬᠤ ᠠᠩᠭᠢ ᠳᠤ | ᠬᠢᠴᠢᠶᠡᠯ ᠣᠷᠣᠵᠣ ᠵᠢᠭᠠᠨ ᠵᠢᠯᠣᠭᠤᠳᠪᠠ᠃ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠪᠢᠳᠠᠨ | ᠬᠠᠮᠢᠶᠠᠷᠴᠤ ᠪᠠᠶᠢᠭ᠎ᠠ ᠨᠥᠬᠦᠳ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠵᠢᠴᠢ ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠭᠡᠰᠢᠭᠦᠳ ᠬᠤᠷᠠᠯ ᠳᠤ ᠣᠷᠣᠯᠴᠠᠨ ᠰᠤᠷᠤᠯᠴᠠᠪᠠ᠃ ᠬᠤᠷᠠᠯ ᠤᠨ ᠳᠠᠷᠠᠭ᠎ᠠ ᠬᠤᠲᠠ ᠶᠢᠨ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠵᠢᠯ ᠤᠨ ᠱᠠᠭᠠᠷᠳᠠᠯᠭ᠎ᠠ ᠶᠣᠰᠣᠭᠠᠷ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠬᠦ | ᠲᠣᠭᠲᠠᠴᠠ ᠶᠢ ᠡᠬᠢᠯᠡᠭᠦᠯᠵᠦ᠂ ᠵᠠᠯᠠᠨ ᠠᠶᠢᠯ ᠬᠤᠲᠠ ᠶᠢᠨ ︽ᠳᠥᠷᠪᠡ ᠶᠢ ᠲᠦᠭᠡᠮᠡᠯᠵᠢᠭᠦᠯᠬᠦ︾ ᠠᠵᠢᠯᠯᠠᠬᠤ ᠠᠩᠭᠢ ᠶᠢ 4 ᠰᠠᠷ᠎ᠠ ᠶᠢᠨ 25 ᠤ ᠡᠳᠦᠷ ᠠᠴᠠ | ᠡᠮᠦᠨ᠎ᠡ ︽ᠳᠥᠷᠪᠡ ᠶᠢ ᠲᠦᠭᠡᠮᠡᠯᠵᠢᠭᠦᠯᠬᠦ︾ ᠶᠢᠨ ᠪᠣᠶ ᠪᠦᠬᠦᠢ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠠᠵᠢᠯ ᠢ ᠳᠠᠭᠤᠰᠬᠠᠬᠤ ᠬᠡᠷᠡᠭᠲᠡᠢ ᠭᠡᠵᠦ ᠱᠠᠭᠠᠷᠳᠠᠪᠠ᠃ | | ᠬᠤᠷᠠᠯ ᠳᠡᠭᠡᠷ᠎ᠡ᠂ ᠬᠠᠳᠠ ᠡᠷᠬᠢᠯᠡᠭᠴᠢ ᠵᠠᠯᠠᠨ ᠠᠶᠢᠯ ᠬᠤᠲᠠ ᠶᠢᠨ ᠳᠦᠷᠪᠡᠨ ᠲᠦᠭᠡᠮᠡᠯᠵᠢᠯ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠲᠤᠬᠠᠢ ᠶᠢᠨ | ᠲᠠᠯᠠᠪᠤᠷ ᠲᠤ ᠬᠢᠨᠠᠨ ᠦᠵᠡᠵᠦ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠳᠤᠮᠳᠠ ᠣᠷᠣᠰᠢᠵᠤ ᠪᠠᠶᠢᠭ᠎ᠠ ᠨᠡᠷᠡᠶᠢᠳᠦᠯ ᠤᠨ ᠵᠢᠷᠤᠮᠵᠢᠯ᠂ ᠬᠠᠪᠲᠠᠭᠠᠢ ᠵᠢᠷᠤᠭ ᠵᠢᠷᠤᠬᠤ | ᠵᠡᠷᠭᠡ ᠮᠡᠷᠭᠡᠵᠢᠯ ᠤᠨ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠭᠡ ᠵᠠᠩᠭᠢ ᠶᠢ | ᠣᠷᠣᠭᠤᠯᠬᠤ ᠳᠤ ᠡᠷᠬᠡᠪᠰᠢ ︽ᠨᠢᠭᠡᠳᠦᠯᠲᠡᠢ ᠨᠡᠷᠡᠶᠢᠳᠬᠦ᠂ ᠨᠠᠷᠢᠯᠢᠭ ᠣᠨᠣᠴᠠᠲᠠᠢ ᠪᠠᠷ ᠣᠷᠣᠨ ᠪᠠᠶᠢᠷᠢ ᠲᠣᠭᠲᠠᠭᠠᠬᠤ᠂ ᠵᠢᠷᠤᠮᠵᠢᠯ ᠲᠠᠢ ᠪᠠᠷ ᠳᠦᠷᠰᠦᠯᠡᠨ ᠲᠣᠭᠠᠴᠢᠬᠤ | ︾ ᠵᠠᠷᠴᠢᠮ ᠢ ᠴᠢᠩᠭ᠎ᠠ ᠵᠢᠷᠤᠮᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠠᠯᠠᠭᠠᠨ ᠳᠠᠷᠤᠭ᠎ᠠ ᠯᠢᠦ ᠸᠧᠢ ︽ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ | ᠵᠦᠢᠯ ᠤᠨ ᠨᠡᠶᠢᠳᠡᠮ ᠪᠠᠶᠢᠴᠠᠭᠠᠯᠲᠠ︾ ᠶᠢᠨ ᠠᠵᠢᠯ ᠤᠨ ᠴᠠᠭ ᠤᠨ ᠵᠠᠩᠭᠢᠯᠠᠭ᠎ᠠ ᠶᠢᠨ ᠴᠡᠭ᠂ ᠲᠡᠦᠬᠡ ᠶᠢᠨ ᠳᠤᠷᠠᠰᠬᠠᠯᠲᠤ ᠵᠦᠢᠯ ᠤᠨ ᠢᠨᠵᠧᠨᠧᠷᠢᠩ ᠢ ᠬᠢᠨᠠᠨ | ᠵᠥᠪᠰᠢᠶᠡᠷᠡᠬᠦ᠂ ᠬᠠᠶᠢᠨ ᠰᠢᠨᠵᠢᠯᠡᠬᠦ ᠶᠠᠪᠤᠴᠠ ᠶᠢ ᠰᠢᠯᠢᠳᠡᠭᠵᠢᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠡᠯ᠎ᠡ | ᠭᠤᠭᠴᠤᠭ᠎ᠠ ᠶᠢᠨ ᠬᠠᠷᠢᠭᠤᠴᠠᠯᠭᠠᠲᠠᠨ ᠡᠷᠬᠡᠪᠰᠢ ᠪᠣᠭᠤᠮᠲᠠ ᠶᠢ ᠴᠢᠩᠭ᠎ᠠ ᠠᠳᠬᠤᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠬᠢᠭᠡᠳ ᠨᠡᠶᠢᠳᠡᠮ | ᠪᠠᠶᠢᠴᠠᠭᠠᠯᠲᠠ ᠶᠢᠨ ᠠᠬᠢᠴᠠ ᠶᠢ ᠵᠡᠷᠭᠡᠪᠡᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠬᠦ ᠨᠡᠶᠢᠳᠡᠮ ᠤᠨ ᠪᠠᠶᠢᠴᠠᠭᠠᠯᠲᠠ ᠶᠢᠨ ᠭᠡᠰᠢᠭᠦᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠦᠷᠪᠡᠨ ᠲᠦᠭᠡᠮᠡᠯᠵᠢᠯ | ᠠᠵᠢᠯ ᠤᠨ ᠰᠣᠶᠣᠯ ᠤᠨ ᠥᠪ ᠤᠨ ᠬᠠᠮᠠᠭᠠᠯᠠᠯᠲᠠ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠢᠯ ᠤᠨ ᠬᠤᠪᠢᠶᠠᠷᠢᠯᠠᠯ ᠤᠨ | ᠲᠥᠰᠥᠯ ᠢᠶᠠᠨ ᠳᠠᠷᠤᠶᠢᠬᠠᠨ ᠰᠢᠯᠢᠳᠡᠭᠵᠢᠭᠦᠯᠵᠦ᠂ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠨᠠᠷᠢᠯᠢᠭᠵᠢᠭᠤᠯᠵᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠳᠤ ︽ | ᠣᠷᠬᠢᠭᠳᠠᠭᠤᠯᠬᠤ ᠦᠭᠡᠢ᠂ ᠠᠯᠳᠠᠭ᠎ᠠ ᠭᠠᠷᠭᠠᠬᠤ ᠦᠭᠡᠢ︾ ᠪᠠᠶᠢᠬᠤ ᠶᠢ ᠪᠠᠲᠤᠯᠠᠵᠤ᠂ ᠨᠡᠬᠡᠮᠵᠢᠯᠡᠬᠦ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ | ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠬᠤᠸᠠ ᠴᠦᠨ ᠯᠢ ᠴᠢᠬᠤᠯᠠᠴᠢᠯᠠᠬᠤ ᠳᠠᠭᠠᠨ᠂ ᠳᠥᠷᠪᠡᠨ | ᠲᠦᠭᠡᠮᠡᠯᠵᠢᠯ ᠤᠨ ᠠᠵᠢᠯ ᠪᠣᠯ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠮᠥᠨ ᠪᠥᠭᠡᠳ ᠨᠠᠩ ᠴᠤ ᠤᠯᠤᠰ ᠲᠥᠷᠥ ᠶᠢᠨ ᠡᠭᠦᠷᠭᠡ ᠮᠥᠨ᠂ ᠲᠦᠭᠡᠮᠡᠯᠵᠢᠯ ᠤᠨ | ᠪᠠᠶᠢᠴᠠᠭᠠᠯᠲᠠ ᠶᠢᠨ ᠠᠩᠭᠢ ᠡᠷᠬᠡᠪᠰᠢ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠡᠷᠬᠡ ᠶᠢ ᠰᠢᠪᠲᠤᠯᠤᠨ ᠬᠦᠴᠢᠷ ᠢ ᠳᠠᠪᠠᠵᠤ᠂ ᠴᠢᠨᠠᠷ ᠰᠠᠶᠢᠲᠠᠢ | ᠦᠷ᠎ᠡ ᠪᠦᠲᠦᠭᠡᠯ ᠢᠶᠠᠷ ᠰᠣᠶᠣᠯ ᠤᠨ ᠥᠪ ᠤᠨ ᠬᠠᠮᠠᠭᠠᠯᠠᠯᠲᠠ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃ ᠲᠣᠰ ᠤᠳᠠᠭᠠᠨ ᠤ ᠬᠤᠷᠠᠯ ᠨᠢ ᠵᠠᠯᠠᠨ ᠠᠶᠢᠯ | ᠬᠤᠲᠠ ᠶᠢᠨ ᠳᠥᠷᠪᠡᠨ ᠲᠦᠭᠡᠮᠡᠯᠵᠢᠭᠦᠯᠦᠯᠲᠡ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ | ᠨᠢᠭᠲᠠᠷᠠᠭᠤᠯᠤᠭᠰᠠᠨ ᠪᠠᠶᠢᠨ᠎ᠠ᠂ ᠡᠨᠡ ᠨᠢ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠪᠥᠬᠦ ᠲᠠᠯ᠎ᠠ ᠶᠢᠨ | ᠰᠢᠪᠲᠤᠯᠤᠯᠲᠠ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | |