ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠭᠦᠨᠵᠡᠭᠡᠢ ᠲᠣᠣᠱᠯᠠᠭᠤᠯᠵᠣ᠂ ᠥᠷᠭᠡᠨ ᠣᠯᠠᠨ ᠠᠵᠢᠯᠲᠠᠨ ᠠᠵᠢᠯᠴᠢᠨ ᠤ | ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ | ᠲᠥᠯᠥᠭᠡ᠂ ᠵᠠᠯᠠᠨ ᠠᠶᠢᠯ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠣᠶᠢᠷ᠎ᠠ ᠳᠤ ᠤᠯᠤᠰ ᠤᠨ ᠠᠮᠤᠷ | ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠵᠠᠯᠠᠨ ᠠᠶᠢᠯ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠣᠯᠠᠨ ᠭᠠᠵᠠᠷ ᠤᠨ ᠠᠵᠢᠯᠴᠢᠨ ᠤ ᠡᠪᠯᠡᠯ ᠤᠨ ᠤᠯᠠᠭ᠎ᠠ | ᠥᠷᠲᠡᠭᠡᠨ ᠳᠤ ᠤᠬᠠᠭᠤᠯᠭ᠎ᠠ ᠶᠢᠨ ᠵᠠᠷᠯᠠᠯ᠂ ᠸᠢᠳᠢᠤ᠋᠂ ᠯᠣᠽᠦ᠋ᠩ ᠵᠡᠷᠭᠡ ᠠᠷᠭ᠎ᠠ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠬᠢᠵᠦ᠂ | ᠡᠭᠦᠨ ᠤ ᠵᠡᠷᠭᠡ ᠳᠤ ᠠᠵᠢᠯᠲᠠᠳ ᠢ ᠲᠤᠬᠠᠢ ᠶᠢᠨ ᠭᠠᠵᠠᠷ ᠲᠤ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠳᠡᠪᠲᠡᠷ ᠢ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠠᠵᠢᠯᠲᠠᠨ ᠠᠵᠢᠯᠴᠢᠨ ᠲᠦᠮᠡᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ | ᠂ ᠠᠵᠢᠯᠲᠠᠨ ᠠᠵᠢᠯᠴᠢᠨ ᠲᠦᠮᠡᠨ ᠤ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠤᠬᠠᠮᠰᠠᠷ ᠢ ᠨᠡᠮᠡᠭᠳᠡᠭᠦᠯᠵᠦ᠂ ᠠᠵᠢᠯᠲᠠᠨ ᠠᠵᠢᠯᠴᠢᠨ ᠲᠦᠮᠡᠨ | ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠥᠪᠡᠷ ᠤᠨ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠢ᠃ | ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠪᠣᠯ | ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠵᠠᠯᠠᠨ ᠠᠶᠢᠯ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠠᠵᠢᠯᠴᠢᠨ ᠤ ᠡᠪᠯᠡᠯ ᠤᠨ | ᠬᠦᠴᠦᠨ ᠴᠢᠳᠠᠯ ᠢᠶᠠᠨ ᠡᠷᠭᠦᠨ᠎ᠡ᠃ ᠡᠭᠦᠨ ᠤ ᠬᠠᠮᠲᠤ ᠪᠠᠰᠠ ᠥᠷᠭᠡᠨ ᠤᠯᠠᠨ ᠠᠵᠢᠯᠲᠠᠨ ᠠᠵᠢᠯᠴᠢᠨ ᠢ ᠤᠯᠤᠰ ᠤᠨ ᠠᠮᠤᠷ ᠲᠦᠪᠰᠢᠨ ᠤ ᠬᠥᠮᠦᠵᠢᠯ ᠳᠤ ᠢᠳᠡᠪᠬᠢᠲᠡᠢ | ᠣᠷᠣᠯᠴᠠᠵᠤ᠂ ᠤᠯᠤᠰ ᠣᠷᠣᠨ ᠢᠶᠠᠨ ᠴᠡᠴᠡᠭᠯᠡᠭᠦᠯᠦᠨ ᠬᠦᠴᠦᠷᠬᠡᠭᠵᠢᠭᠦᠯᠬᠦ ᠶᠢᠨ ᠲᠥᠯᠥᠭᠡ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠵᠤ ᠪᠠᠶᠢᠨ᠎ᠠ᠃ | | |