ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ ︱ ᠨᠢᠭᠡ ᠯᠡ ᠤᠳᠠᠭ᠎ᠠ ᠶᠢᠨ ᠴᠢᠨᠠᠷᠲᠠᠢ ᠦᠢᠯᠡᠰ ᠴᠣᠭᠴᠠᠯᠠᠬᠤ ᠨᠥᠬᠦᠪᠦᠷᠢ  ᠶᠢᠨ ᠲᠣᠬᠠᠢ ᠶᠢᠨ ᠭᠠᠵᠠᠷ  ᠲᠤᠨᠢ ᠬᠢᠨᠠᠨ ᠪᠠᠶᠢᠴᠠᠭᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2025/4/30
    ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠲᠠᠢ ᠬᠥᠮᠥᠰ ᠤᠨ ᠠᠳᠠᠯ ᠦᠢᠯᠡᠰ ᠴᠣᠭᠴᠠᠯᠠᠬᠤ ᠶᠢ ᠤᠯᠠᠮ ᠨᠢᠭᠡ ᠠᠯᠬᠤᠮ ᠳᠡᠮᠵᠢᠬᠦ ᠶᠢᠨ ᠲᠤᠰᠠᠳᠠ᠂ ᠠᠳᠠᠯ ᠦᠢᠯᠡᠰ ᠴᠣᠭᠴᠠᠯᠠᠬᠤ ᠶᠢᠨ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠪᠡᠯᠡ ᠮᠥᠩᠭᠦ ᠪᠠᠷ ᠠᠳᠠᠯ ᠦᠢᠯᠡᠰ ᠴᠣᠭᠴᠠᠯᠠᠬᠤ ᠶᠢ ᠲᠡᠳᠬᠦᠨ ᠠᠵᠢᠯ ᠣᠯᠭᠤᠯᠲᠠ ᠶᠢ ᠳᠠᠶᠢᠴᠢᠯᠠᠬᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 4 ᠰᠠᠷ᠎ᠠ ᠶᠢᠨ 14 ᠤ ᠡᠳᠦᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠵᠢᠯᠲᠠᠨ ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠭᠤᠶᠤᠴᠢᠯᠠᠵᠤ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠲᠣᠬᠠᠢ ᠶᠢᠨ ᠭᠠᠵᠠᠷ  ᠲᠤᠨᠢ ᠬᠢᠨᠠᠨ ᠪᠠᠶᠢᠴᠠᠭᠠᠬᠤ ᠠᠵᠢᠯ ᠦᠷᠨᠢᠭᠦᠯᠪᠡ᠃    ᠪᠣᠳᠠᠲᠠᠢ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠶᠠᠪᠤᠴᠠ ᠳᠤ᠂ ︽ᠲᠤᠰ ᠬᠥᠮᠥᠨ ᠲᠠᠢ ᠨᠢ ᠠᠭᠤᠯᠵᠠᠬᠤ᠂ ᠦᠨᠡᠮᠯᠡᠯ ᠠᠪᠬᠤ᠂ ᠲᠠᠯᠠᠪᠤᠷ ᠭᠠᠵᠠᠷ ᠲᠠᠢ ᠨᠢ ᠠᠭᠤᠯᠵᠠᠬᠤ︾ ᠵᠠᠷᠴᠢᠮ ᠶᠣᠰᠣᠭᠠᠷ᠂ ᠮᠡᠳᠡᠭᠦᠯᠦᠭᠰᠡᠨ ᠮᠠᠲ᠋ᠧᠷᠢᠶᠠᠯ ᠪᠣᠯᠣᠨ ᠪᠣᠳᠠᠲᠠᠢ ᠡᠵᠡᠩᠨᠡᠯᠲᠡ ᠶᠢᠨ ᠪᠠᠶᠢᠳᠠᠯ ᠤᠨ ᠦᠨᠡᠨ ᠪᠣᠳᠠᠲᠤ ᠴᠢᠨᠠᠷ ᠢ ᠨᠠᠷᠢᠨ ᠬᠢᠨᠠᠮᠠᠭᠠᠢ ᠬᠠᠷᠭᠤᠭᠤᠯᠵᠤ᠂ ᠭᠤᠶᠤᠴᠢᠯᠠᠭᠴᠢ ᠲᠠᠢ ᠰᠣᠯᠢᠯᠴᠠᠭ᠎ᠠ ᠬᠢᠵᠦ᠂ ᠠᠳᠠᠯ ᠦᠢᠯᠡᠰ ᠴᠣᠭᠴᠠᠯᠠᠭᠴᠢ ᠶᠢᠨ ᠪᠡᠯᠡ ᠮᠥᠩᠭᠦ ᠶᠢᠨ ᠣᠷᠣᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠡᠵᠡᠩᠨᠡᠯᠲᠡ ᠶᠢᠨ ᠬᠡᠪᠴᠢᠶ᠎ᠡ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠬᠢᠨᠠᠮᠠᠭᠠᠢ ᠠᠰᠠᠭᠤᠨ ᠯᠠᠪᠯᠠᠭᠰᠠᠨ ᠤ ᠬᠠᠮᠲᠤ ᠲᠤᠬᠠᠢ ᠶᠢᠨ ᠲᠠᠯᠠᠪᠤᠷ ᠲᠤᠨᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠵᠡᠷᠭᠡ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠵᠢᠯᠤᠭᠤᠳᠴᠤ᠂ ᠲᠡᠳᠡᠨ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠨᠠᠩ ᠰᠠᠶᠢᠨ ᠣᠶᠢᠯᠠᠭᠠᠨ᠂ ᠲᠥᠷᠥ ᠶᠢᠨ ᠪᠣᠳᠣᠯᠭ᠎ᠠ ᠶᠢ ᠨᠠᠩ ᠰᠠᠶᠢᠨ ᠡᠳ᠋ᠯᠡᠭᠦᠯᠵᠦ᠂ ᠠᠳᠠᠯ ᠦᠢᠯᠡᠰ ᠴᠣᠭᠴᠠᠯᠠᠭᠴᠢ ᠶᠢᠨ ᠡᠵᠡᠩᠨᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠨ᠂ ᠠᠵᠢᠯ ᠣᠯᠭᠤᠯᠲᠠ ᠶᠢ ᠨᠠᠩ ᠰᠠᠶᠢᠨ ᠰᠢᠩᠭᠡᠬᠡᠨ ᠠᠪᠬᠤ ᠶᠢ ᠵᠣᠷᠢᠭᠵᠢᠭᠤᠯᠪᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠸᠢᠴᠠᠲ ᠤᠨ ᠨᠡᠶᠢᠲᠡ ᠶᠢᠨ ᠳ᠋ᠤᠭᠠᠷ᠂ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ᠂ ᠡᠷᠦᠬᠡ ᠳᠤ ᠬᠦᠷᠴᠦ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠠᠳᠠᠯ ᠦᠢᠯᠡᠰ ᠴᠣᠭᠴᠠᠯᠠᠭᠴᠢ ᠳᠤ ᠨᠠᠩ ᠰᠢᠯᠢᠳᠡᠭ᠂ ᠳᠥᠭᠦᠮ ᠳᠥᠲᠡ ᠦᠢᠯᠡᠴᠢᠯᠡᠭᠡ ᠬᠠᠩᠭᠠᠵᠤ᠂ ᠨᠥᠬᠦᠴᠡᠯ ᠳᠤ ᠨᠡᠶᠢᠴᠡᠬᠦ ᠭᠤᠣᠯᠳᠠᠯᠭ᠎ᠠ ᠲᠠᠢ ᠬᠠᠮᠲᠤᠯᠢᠭ ᠤᠨ ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠵᠤ᠂ ᠵᠠᠯᠠᠨ ᠠᠶᠢᠯ ᠬᠤᠲᠠ ᠶᠢᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠵᠢᠯ ᠤᠨ ᠪᠥᠬᠦ ᠲᠠᠯ᠎ᠠ ᠪᠠᠷ ᠥᠷᠨᠢᠬᠦ ᠶᠢ ᠠᠬᠢᠭᠤᠯᠤᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ