4 ᠰᠠᠷ᠎ᠠ ᠶᠢᠨ 15 ᠤ ᠡᠳᠦᠷ᠂ ᠠᠷᠪᠠᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠂ ᠵᠠᠯᠠᠨ ᠠᠶᠢᠯ ᠬᠤᠲᠠ ᠶᠢᠨ | ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠤᠨ ᠲᠠᠰᠤᠭ ᠠᠴᠠ ᠭᠤᠣᠯᠯᠠᠨ ᠡᠷᠭᠢᠯᠡᠵᠦ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ | ᠳᠠᠭᠠᠭᠠᠴᠢᠯᠠᠨ ᠡᠷᠭᠢᠯᠡᠭᠰᠡᠨ ︽ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠤᠷᠤᠯᠳᠤᠭᠠᠨ ᠤ ᠤᠯᠠᠭᠠᠨᠮᠥ᠋ᠴᠢᠷ ᠤᠨ ᠮᠢᠩᠭᠠᠨ ᠭᠠᠵᠠᠷ ᠤᠨ | ᠬᠢᠯᠢ ᠶᠢᠨ ᠪᠣᠭᠤᠮᠲᠠ ᠶᠢᠨ ᠠᠶᠠᠯᠠᠯ︾ ᠤᠨ ᠤᠷᠠᠨ ᠰᠠᠶᠢᠬᠠᠨ ᠤ ᠲᠣᠭᠯᠠᠯᠲᠠ ᠲᠢᠶᠠᠨ ᠪᠠᠢ ᠱᠠᠨ ᠲᠠᠯᠠᠪᠠᠶ ᠳᠤ ᠭᠤᠶᠢᠳᠠ ᠰᠠᠶᠢᠬᠠᠨ ᠶᠠᠪᠤᠭᠳᠠᠪᠠ᠃ | ᠲᠤᠰ ᠤᠳᠠᠭ᠎ᠠ ᠶᠢᠨ ᠠᠵᠢᠯᠯᠠᠭ᠎ᠠ ᠶᠢᠨ ᠵᠣᠷᠢᠯᠭ᠎ᠠ ᠨᠢ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠠᠲᠤ ᠪᠤᠢ ᠪᠣᠯᠭᠠᠬᠤ ᠪᠠ | ᠦᠢᠯᠡᠳᠦᠯᠭᠡᠵᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠵᠤ᠂ ᠪᠦᠬᠦ ᠠᠷᠠᠳ ᠤᠨ ᠤᠯᠤᠰ ᠤᠨ | ᠠᠮᠤᠷ ᠲᠦᠪᠰᠢᠨ ᠤ ᠤᠬᠠᠮᠰᠠᠷ ᠪᠣᠯᠣᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠬᠥᠮᠥᠨ ᠪᠦᠬᠦᠨ ᠣᠷᠣᠯᠴᠠᠬᠤ᠂ | ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ | ᠪᠣᠯᠭᠠᠬᠤ ᠶᠢᠨ ᠲᠥᠯᠥᠭᠡ ᠶᠤᠮ᠃ | ᠡᠬᠢᠯᠡᠯᠲᠡ ᠶᠢᠨ ᠳᠠᠭᠤᠤ ᠪᠥᠵᠢᠭ ︽ᠤᠷᠢᠬᠠᠨ ᠬᠠᠪᠤᠷ ᠤᠨ ᠵᠡᠭᠦᠳᠦᠨ ᠳᠤ ᠬᠦᠰᠡᠯ ᠪᠡᠶᠡᠯᠡᠭᠳᠡᠨ᠎ᠡ︾᠂ ᠲᠣᠭᠯᠠᠭᠴᠢᠳ ᠤᠶᠠᠨ ᠬᠠᠳᠠᠨ ᠪᠥᠵᠢᠭ ᠤᠨ ᠳᠦᠷᠢ ᠪᠠᠷ | ᠳᠦᠷᠦ ᠶᠢᠨ ᠲᠦᠪᠰᠢᠨ ᠠᠷᠠᠳ ᠤᠨ ᠠᠮᠣᠷ ᠠᠮᠤᠭᠤᠯᠠᠩ᠂ ᠬᠦᠰᠡᠯ ᠵᠡᠭᠦᠳᠦ ᠶᠢᠨ ᠪᠠᠳᠠᠷᠠᠨ ᠳᠡᠯᠭᠡᠷᠡᠭᠰᠡᠨ ᠵᠢᠷᠤᠭ ᠢ ᠵᠢᠷᠤᠭᠯᠠᠵᠤ ᠪᠠᠶᠢᠭ᠎ᠠ ᠰᠢᠭ᠋ ᠢᠶᠠᠷ | ᠦᠵᠡᠭᠴᠢᠳ ᠤᠨ ᠰᠡᠳᠬᠢᠯ ᠢ ᠭᠱᠠᠨ ᠵᠠᠭᠤᠷ᠎ᠠ ᠠᠳᠬᠤᠨ ᠠᠪᠴᠤ᠂ ᠤᠯᠤᠰ ᠤᠨ ᠠᠮᠤᠷ ᠲᠦᠪᠰᠢᠨ ᠬᠦᠰᠡᠯ ᠵᠡᠭᠦᠳᠦ ᠳᠤ ᠪᠠᠲᠤ ᠪᠠᠬᠢ ᠬᠥᠷᠥᠰᠥ ᠰᠢᠷᠣᠢ ᠳᠡᠪᠢᠰᠴᠦ | ᠥᠭᠭᠦᠭᠰᠡᠨ ᠢ ᠪᠡᠯᠭᠡᠳᠡᠨ᠎ᠡ᠃ ︽ᠲᠠᠪᠤᠨ ᠣᠳᠣᠲᠤ ᠤᠯᠠᠭᠠᠨ ᠲᠤᠭ ᠨᠠᠮᠢᠷᠠᠨ᠎ᠠ︾ ᠭᠡᠬᠦ ᠳᠠᠭᠤᠤ ᠶᠢᠨ ᠣᠮᠤᠭ ᠲᠡᠭᠦᠯᠳᠡᠷ ᠬᠦᠭ ᠠᠶᠠᠰ ᠨᠢ ᠠᠭᠤᠤ ᠶᠡᠭᠡ ᠡᠬᠡ | ᠤᠯᠤᠰ ᠲᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠭᠰᠡᠨ ᠮᠡᠲᠦ ᠪᠠᠶᠢᠵᠤ᠂ ᠬᠥᠮᠥᠰ ᠲᠤ ᠤᠯᠤᠰ ᠤᠨ ᠲᠤᠭ ᠤᠨ ᠲᠥᠯᠥᠭᠡᠯᠡᠵᠦ ᠪᠠᠶᠢᠭ᠎ᠠ ᠡᠷᠬᠡ | ᠮᠡᠳᠡᠯ ᠨᠡᠷ᠎ᠡ ᠬᠦᠨᠳᠦ ᠪᠣᠯᠣᠨ ᠤᠯᠤᠰ ᠤᠨ ᠠᠮᠤᠷ ᠲᠦᠪᠰᠢᠨ ᠤ ᠰᠠᠯᠵᠤ ᠪᠣᠯᠣᠰᠢ ᠦᠭᠡᠢ ᠭᠡᠳᠡᠭ ᠢ ᠭᠦᠨ ᠮᠡᠳᠡᠭᠦᠯᠵᠡᠢ᠃ | ︽ᠬᠥᠳᠡᠭᠡ ᠨᠤᠲᠤᠭ ᠤᠨ ᠪᠠᠶᠠᠷᠲᠤ ᠳᠠᠭᠤᠤ︾ ᠨᠢ ᠲᠠᠯ᠎ᠠ ᠨᠤᠲᠤᠭ ᠤᠨ ᠰᠦᠷᠯᠢᠭ ᠰᠠᠶᠢᠬᠠᠨ ᠡᠶ᠎ᠡ ᠵᠣᠬᠢᠴᠠᠩᠭᠤᠢ ᠶᠢ ᠢᠯᠡᠷᠡᠭᠦᠯᠵᠦ᠂ ᠪᠥᠵᠢᠭᠴᠢᠳ ᠤᠨ ᠪᠠᠶᠠᠷ | ᠬᠦᠷ ᠲᠠᠢ ᠪᠥᠵᠢᠭ ᠤᠨ ᠠᠯᠬᠤᠭ᠎ᠠ ᠶᠢᠨ ᠠᠷᠤ ᠳᠤ ᠤᠯᠤᠰ ᠤᠨ ᠠᠮᠤᠷ ᠲᠦᠪᠰᠢᠨ ᠠᠴᠠ ᠣᠯᠭᠤᠭᠰᠠᠨ ᠠᠮᠤᠷ ᠲᠣᠭᠲᠠᠭᠤᠨ ᠤ ᠪᠠᠲᠤᠯᠠᠭ᠎ᠠ ᠪᠠᠶᠢᠵᠤ᠂ ᠠᠷᠠᠳ | ᠲᠦᠮᠡᠨ ᠰᠠᠶᠢᠨ ᠰᠠᠶᠢᠬᠠᠨ ᠠᠮᠢᠳᠤᠷᠠᠯ ᠢ ᠴᠢᠨᠡᠭᠡ ᠪᠠᠷ ᠢᠶᠠᠨ ᠡᠳ᠋ᠯᠡᠨ᠎ᠡ᠃ ︽ᠠᠷᠠᠳ ᠤᠨ ᠶᠠᠪᠤᠳᠠᠯ ᠲᠡᠭᠷᠢ ᠠᠴᠠ ᠶᠡᠭᠡ︾ ᠭᠡᠬᠦ ᠳᠠᠭᠤᠤ ᠨᠢ ᠴᠢᠩ ᠦᠨᠡᠨᠴᠢ ᠬᠠᠶᠢᠷ᠎ᠠ | ᠰᠡᠳᠬᠢᠯᠭᠡ ᠪᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠣᠨ ᠤᠯᠤᠰ ᠤᠨ ᠠᠮᠤᠷ ᠲᠦᠪᠰᠢᠨ ᠤ ᠨᠢᠭᠲᠠ ᠬᠠᠷᠢᠯᠴᠠᠭ᠎ᠠ ᠶᠢ ᠳᠠᠭᠤᠯᠠᠵᠤ᠂ ᠤᠯᠤᠰ ᠠᠴᠠ | ᠠᠷᠠᠳ ᠢᠶᠠᠨ ᠬᠠᠮᠠᠭᠠᠯᠠᠵᠤ᠂ ᠠᠷᠠᠳ ᠠᠴᠠ ᠤᠯᠤᠰ ᠢᠶᠠᠨ ᠬᠠᠮᠠᠭᠠᠯᠠᠵᠤ᠂ ᠬᠠᠷᠢᠯᠴᠠᠨ ᠨᠥᠬᠦᠴᠡᠯᠳᠦᠵᠦ ᠪᠠᠶᠢᠳᠠᠭ᠃ | ︽ᠤᠯᠠᠭᠠᠨ ᠥᠩᠭᠡ ᠶᠢᠨ ᠬᠥᠩᠭᠡᠨ ᠮᠣᠷᠢᠲᠤ ᠴᠡᠷᠢᠭ︾ ᠢ ᠭᠤᠴᠣᠯᠠᠯ ᠬᠥᠭᠵᠢᠮᠳᠡᠬᠦ ᠳᠤ ᠢᠷᠠᠭᠤ ᠴᠡᠭᠡᠯᠬᠡᠨ᠂ ᠰᠣᠶᠣᠯ ᠤᠨ ᠴᠠᠬᠢᠯᠭᠠᠨ ᠳᠣᠯᠭᠢᠶᠠᠨ ᠮᠡᠲᠦ | ᠪᠠᠶᠢᠵᠤ᠂ ᠤᠯᠠᠭᠠᠨᠮᠥ᠋ᠴᠢᠷ ᠤᠨ ᠣᠯᠠᠨ ᠵᠢᠯ ᠤᠨ ᠲᠤᠷᠰᠢ ᠦᠨᠳᠦᠰᠦᠨ ᠱᠠᠲᠤᠨ ᠳᠤ ᠦᠨᠳᠦᠰᠦᠯᠡᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠵᠤ | ᠢᠷᠡᠭᠰᠡᠨ ᠰᠢᠨᠲᠠᠷᠠᠰᠢ ᠦᠭᠡᠢ ᠵᠣᠷᠢᠭ ᠰᠠᠨᠠᠭ᠎ᠠ ᠶᠢ ᠳᠠᠮᠵᠢᠭᠤᠯᠵᠤ ᠪᠠᠶᠢᠨ᠎ᠠ᠃ ︽ᠳᠡᠯᠡᠬᠡᠢ ᠳ᠋ᠠᠬᠢᠨ ᠠᠴᠠ ᠨᠠᠳᠠ ᠳᠤ ᠪᠡᠯᠡᠭᠯᠡᠪᠡ︾ ᠭᠡᠬᠦ ᠳᠠᠭᠤᠤ ᠪᠠᠷ ᠤᠯᠤᠰ ᠠᠴᠠ | ᠬᠤᠪᠢ ᠬᠥᠮᠥᠨ ᠳᠤ ᠣᠯᠭᠤᠭᠰᠠᠨ ᠦᠰᠦᠨ ᠪᠤᠶᠢᠵᠢᠯᠲᠠ ᠶᠢᠨ ᠠᠵᠠ ᠲᠣᠬᠢᠶᠠᠯ ᠢ ᠲᠣᠭᠠᠴᠢᠵᠤ᠂ ᠤᠯᠠᠨ ᠤ ᠡᠨᠡᠬᠦ ᠥᠩ ᠰᠢᠮᠡᠯᠢᠭ ᠬᠥᠷᠥᠰᠥ ᠶᠢ ᠰᠠᠬᠢᠨ | ᠬᠠᠮᠠᠭᠠᠯᠠᠬᠤ ᠵᠣᠷᠢᠭ ᠢ ᠬᠥᠪᠴᠢᠯᠡᠪᠡ᠃ | ︽ᠠᠮᠣᠷ ᠰᠠᠶᠢᠨ ᠤᠤ︾ ᠪᠥᠵᠢᠭ ᠨᠢ ᠥᠪᠡᠷᠮᠢᠴᠡ ᠣᠨᠴᠠᠯᠢᠭ ᠪᠦᠬᠦᠢ ᠦᠨᠳᠦᠰᠦᠲᠡᠨ ᠤ ᠵᠠᠩ ᠠᠭᠠᠯᠢ᠂ ᠬᠤᠷᠴᠠ ᠰᠣᠷᠭᠤᠭ ᠦᠨᠳᠦᠰᠦᠲᠡᠨ ᠤ ᠬᠤᠪᠴᠠᠰᠤ | ᠵᠠᠰᠠᠯ᠂ ᠵᠢᠭᠳᠡ ᠵᠢᠭᠳᠡ ᠪᠥᠵᠢᠭ ᠤᠨ ᠬᠥᠳᠡᠯᠦᠯ ᠢᠶᠠᠷ ᠢᠶᠠᠨ ᠦᠨᠳᠦᠰᠦᠲᠡᠨ ᠤ ᠪᠦᠯᠬᠦᠮᠳᠡᠯ ᠤᠨ ᠤᠯᠤᠰ ᠤᠨ ᠠᠮᠤᠷ ᠲᠦᠪᠰᠢᠨ ᠤ ᠶᠡᠭᠡ ᠲᠠᠯ᠎ᠠ ᠳᠠᠬᠢ ᠠᠤᠭ᠎ᠠ ᠶᠡᠭᠡ | ᠬᠦᠴᠦᠨ ᠴᠢᠳᠠᠯ ᠢ ᠢᠯᠡᠷᠡᠭᠦᠯᠦᠭᠰᠡᠨ ᠪᠠᠶᠢᠨ᠎ᠠ᠃ ᠮᠣᠷᠢᠨ ᠬᠤᠭᠤᠷ ︽ᠪᠠᠶᠢᠯᠳᠤᠭᠠᠨ ᠤ ᠮᠣᠷᠢ︾ ᠶᠢ ᠬᠠᠮᠲᠤ ᠳᠤᠨᠢ ᠬᠥᠭᠵᠢᠮᠳᠡᠵᠦ᠂ ᠬᠢᠯᠢ ᠬᠢᠵᠠᠭᠠᠷ ᠤᠨ | ᠬᠠᠮᠠᠭᠠᠯᠠᠭᠴᠢ ᠶᠢᠨ ᠬᠠᠰᠬᠢᠷᠤᠯ ᠮᠡᠲᠦ ᠪᠠᠷ᠂ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠬᠤ ᠰᠦᠷ ᠳᠠᠯᠠᠶᠢᠴᠠᠲᠠᠢ ᠪᠠᠶᠢᠯᠳᠤᠭᠠᠨ ᠤ ᠳᠠᠭᠤᠤ ᠶᠢ | ᠴᠢᠪᠬᠠᠳᠠᠨ᠎ᠠ᠃ ︽ᠵᠣᠯ ᠵᠢᠷᠭᠠᠯ ᠤᠨ ᠲᠥᠯᠥᠭᠡ ᠲᠡᠮᠡᠴᠡᠶ᠎ᠡ︾ ᠭᠡᠬᠦ ᠳᠠᠭᠤᠤ ᠨᠢ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠦᠵᠡᠭᠴᠢᠳ ᠢ ᠤᠯᠤᠰ ᠤᠨ | ᠠᠮᠤᠷ ᠲᠦᠪᠰᠢᠨ ᠤ ᠬᠠᠮᠠᠭᠠᠯᠠᠯ ᠳᠣᠣᠷ᠎ᠠ᠂ ᠵᠣᠷᠢᠭᠲᠠᠢ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠵᠣᠯ ᠵᠢᠷᠭᠠᠯ ᠢ ᠡᠭᠦᠳᠬᠦ ᠬᠠᠯᠠᠭᠤᠨ ᠰᠡᠳᠬᠢᠯᠭᠡ ᠲᠠᠢ ᠪᠣᠯᠭᠠᠪᠠ᠃ | ᠬᠠᠮᠤᠭ ᠡᠴᠦᠰ ᠲᠤ᠂ ᠳᠠᠭᠤᠤ ᠪᠥᠵᠢᠭ ︽ᠲᠠᠩᠰᠤᠭ ᠰᠠᠶᠢᠬᠠᠨ ᠵᠠᠯᠠᠨ ᠲᠠᠨ ᠢ ᠪᠠᠶᠠᠷᠯᠠᠨ ᠤᠭᠲᠤᠶ᠎ᠠ︾ ᠭᠡᠬᠦ ᠳᠠᠭᠤᠤ ᠪᠥᠵᠢᠭ ᠨᠢ ᠬᠦᠷ ᠬᠥᠭᠵᠢᠶᠡᠨᠲᠦ ᠠᠭᠤᠷ | ᠠᠮᠢᠰᠬᠤᠯ ᠢᠶᠠᠷ ᠲᠣᠭᠯᠠᠯᠲᠠ ᠪᠠᠨ ᠲᠡᠭᠦᠰ ᠠᠮᠵᠢᠯᠲᠠ ᠲᠠᠢ ᠲᠡᠭᠦᠰᠬᠡᠵᠦ᠂ ᠵᠠᠯᠠᠨ ᠠᠶᠢᠯ ᠤᠨ ᠬᠤᠶᠢᠰᠢᠳᠠ ᠶᠢᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠳᠤ | ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ | ᠲᠣᠭᠯᠠᠯᠲᠠ ᠶᠢᠨ ᠶᠠᠪᠤᠴᠠ ᠳᠤ ᠪᠠᠰᠠ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠪᠠ ᠳᠡᠯᠭᠡᠨ | ᠦᠵᠡᠭᠦᠯᠬᠦ ᠰᠠᠮᠪᠠᠷ᠎ᠠ ᠶᠢᠨ ᠲᠠᠶᠢᠯᠤᠮᠵᠢ ᠶᠢᠨ ᠭᠤᠭᠴᠤᠭ᠎ᠠ ᠶᠢ ᠲᠣᠬᠢᠷᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠢᠳᠡᠪᠬᠢᠲᠡᠢ ᠣᠷᠣᠯᠴᠠᠵᠤ᠂ | ᠢᠳᠡᠪᠬᠢᠲᠡᠢ ᠪᠠᠷ ᠰᠡᠳᠦᠪ ᠬᠠᠷᠢᠭᠤᠯᠵᠤ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠢ ᠣᠶᠢᠯᠠᠭᠠᠯᠲᠠ ᠪᠠ ᠡᠵᠡᠮᠰᠢᠯ ᠢ ᠤᠯᠠᠮ ᠴᠢᠨᠠᠭᠰᠢᠳᠠ | ᠭᠦᠨᠵᠡᠭᠡᠶᠢᠷᠡᠭᠦᠯᠵᠡᠢ᠃ ᠲᠣᠰ ᠤᠳᠠᠭᠠᠨ ᠤ ︽ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠤᠷᠤᠯᠳᠤᠭᠠᠨ ᠤ ᠤᠯᠠᠭᠠᠨᠮᠥ᠋ᠴᠢᠷ ᠤᠨ ᠮᠢᠩᠭᠠᠨ | ᠭᠠᠵᠠᠷ ᠤᠨ ᠬᠢᠯᠢ ᠶᠢᠨ ᠪᠣᠭᠤᠮᠲᠠ︾ ᠤᠷᠠᠨ ᠰᠠᠶᠢᠬᠠᠨ ᠤ ᠲᠣᠭᠯᠠᠯᠲᠠ ᠶᠢ ᠠᠮᠵᠢᠯᠲᠠ ᠲᠠᠢ ᠡᠷᠭᠢᠯᠡᠵᠦ᠂ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠨ ᠠᠶᠢᠯ ᠬᠤᠲᠠ ᠶᠢᠨ ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠵᠦ᠂ ᠮᠠᠰᠢ ᠰᠠᠶᠢᠨ ᠨᠡᠶᠢᠭᠡᠮ ᠤᠨ ᠦᠷ᠎ᠡ | ᠪᠦᠲᠦᠮᠵᠢ ᠣᠯᠣᠭᠰᠠᠨ ᠪᠠᠶᠢᠨ᠎ᠠ᠃ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ | ᠬᠡᠯᠪᠡᠷᠢ ᠶᠢᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ | ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃ | | |