4 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠰᠢᠸ ᠹᠧᠢ ᠬᠤᠷᠠᠯ ᠡᠷᠭᠢᠯᠡᠵᠦ᠂ ᠳᠡᠳ᠋ ᠡᠷᠬᠢᠯᠡᠭᠴᠢ ᠰᠥᠩ | ᠾᠦᠢ᠂ ᠵᠠᠩ ᠴᠣᠸᠠᠨ ᠹᠦ᠋᠂ ᠴᠧᠨ ᠾᠦᠢ᠂ ᠯᠢᠦ ᠬᠤᠩ ᠪᠢᠨ ᠬᠤᠷᠠᠯ ᠳᠤ ᠣᠷᠣᠯᠴᠠᠵᠠᠢ᠃ ᠬᠤᠲᠠ ᠶᠢᠨ ᠤᠳᠤᠷᠢᠳᠤᠯᠭ᠎ᠠ ᠲᠢᠶᠠᠨ ᠰᠢᠦᠢ᠂ ᠭᠦᠸᠧ ᠫᠢᠩ᠂ | ᠯᠢ ᠶᠠᠨ ᠯᠠᠢ ᠵᠢᠴᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠳᠦᠷᠢᠮ︾ ᠢ ᠲᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠤᠨ | ᠲᠤᠬᠠᠢ ᠮᠡᠳᠡᠭᠦᠯᠦᠯᠲᠡ᠂ 2023 ᠣᠨ ᠤ ᠬᠤᠲᠠ ᠶᠢᠨ ᠲᠣᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠪᠠ | ᠬᠤᠲᠠ ᠶᠢᠨ ᠵᠠᠰᠠᠭ ᠤᠨ ᠣᠷᠳᠣᠨ ᠤ 2024 ᠣᠨ ᠤ ᠣᠷᠴᠢᠨ ᠠᠬᠤᠢ ᠶᠢᠨ ᠪᠠᠶᠢᠳᠠᠯ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠃ ᠬᠤᠷᠠᠯ ᠠᠴᠠ ᠪᠠᠰᠠ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ | ᠪᠠᠭᠤᠯᠭᠠᠬᠤ ᠠᠵᠢᠯ ᠢ ᠶᠠᠪᠤᠭᠳᠠᠭᠤᠯᠪᠠ᠃ | | |