ᠵᠠᠯᠠᠨ ᠠᠶᠢᠯ ᠬᠤᠲᠠ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ ᠶᠢᠨ ᠬᠢᠨ ︽ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ ᠬᠢᠯᠢ ᠪᠠᠨ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭ᠎ᠠ ᠶᠢᠨ ︽ᠵᠠᠭᠤᠨ ᠲᠡᠷᠭᠡ ᠮᠢᠩᠭᠠᠨ ᠬᠥᠮᠥᠨ ᠲᠦᠮᠡᠨ ᠭᠠᠵᠠᠷ ᠤᠨ ᠠᠶᠠᠯᠠᠯ︾ ᠤᠨ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢ ᠲᠣᠭᠤᠷᠢᠨ ᠶᠠᠪᠤᠬᠤ + ᠴᠡᠭ ᠲᠣᠭᠲᠠᠭᠠᠬᠤ᠂ ᠴᠡᠷᠢᠭ ᠴᠠᠭᠳᠠᠭ᠎ᠠ ᠠᠷᠠᠳ ᠬᠤᠯᠪᠣᠭᠠᠯᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠬᠤᠲᠠ ᠶᠢᠨ ᠠᠭᠠᠷ ᠤᠨ ᠠᠶᠠᠯᠠᠯ ᠤᠨ ᠣᠶ ᠰᠢᠭᠤᠢ ᠶᠢᠨ ᠬᠠᠮᠠᠭᠠᠯᠠᠯᠲᠠ ᠶᠢᠨ ᠥᠷᠲᠡᠭᠡ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠣᠷᠣᠯᠴᠠᠵᠤ᠂ ᠡᠯ᠎ᠡ ᠰᠢᠶᠠᠩ ᠪᠠᠯᠭᠠᠰᠤ ᠬᠤᠪᠢᠶᠠᠷᠢ ᠬᠤᠷᠠᠯ ᠤᠨ ᠲᠠᠯᠠᠪᠠᠶ ᠪᠠᠶᠢᠭᠤᠯᠵᠤ ᠵᠡᠷᠭᠡ ᠪᠠᠷ ᠶᠠᠪᠤᠭᠳᠠᠭᠤᠯᠤᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠬᠠᠭᠤᠯᠭ᠎ᠠ ᠶᠢᠨ ᠡᠯᠭᠦᠭᠡ ᠡᠯᠭᠦᠵᠦ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠳᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃     ᠬᠠᠮᠲᠤᠷᠠᠭᠰᠠᠨ ᠠᠵᠢᠯᠯᠠᠭ᠎ᠠ ᠥᠷᠨᠢᠭᠦᠯᠬᠦ ᠶᠢᠨ ᠵᠣᠷᠢᠯᠭ᠎ᠠ ᠨᠢ ᠭᠠᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠠᠬᠢᠨ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ ᠶᠤᠮ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ