4 ᠰᠠᠷ᠎ᠠ ᠶᠢᠨ 21 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ | ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ | ᠰᠤᠷᠤᠯᠴᠠᠯᠭ᠎ᠠ ᠬᠥᠮᠦᠵᠢᠯ ᠰᠣᠯᠢᠯᠴᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠤᠨ᠂ ᠲᠥᠪ ᠬᠤᠷᠢᠶᠠᠨ ᠤ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠰᠣᠯᠢᠯᠴᠠᠵᠤ᠂ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠪᠠᠷ | ᠰᠤᠷᠲᠠᠯ ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠠ ᠤᠷᠳᠤ ᠬᠤᠭᠤᠴᠠᠭᠠᠨ ᠤ | ᠪᠦᠲᠦᠮᠵᠢᠲᠡᠶ ᠪᠠᠶᠢᠬᠤ ᠶᠢ ᠲᠦᠯᠬᠢᠨ ᠠᠬᠢᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ | ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠸᠢᠳᠢᠤ᠋ ᠦᠵᠡᠬᠦ ᠪᠠ ᠲᠤᠬᠠᠢ ᠶᠢᠨ ᠲᠠᠯᠠᠪᠠᠢ ᠳᠤ ᠳᠠᠭᠠᠭᠤᠯᠤᠨ ᠰᠤᠷᠤᠯᠴᠠᠬᠤ ᠠᠷᠭ᠎ᠠ ᠪᠠᠷ ᠳᠠᠮᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠬᠤᠯᠪᠣᠭᠳᠠᠯ ᠪᠦᠬᠦᠢ ᠠᠭᠤᠯᠭ᠎ᠠ ᠶᠢ ᠤᠯᠠᠮᠵᠢᠯᠠᠨ | ᠰᠤᠷᠤᠯᠴᠠᠵᠠᠢ᠃ ᠭᠦᠸᠧ ᠫᠢᠩ᠂ ᠯᠢ ᠶᠠᠨ ᠯᠠᠢ᠂ ᠵᠠᠩ ᠴᠣᠸᠠᠨ ᠹᠦ᠋᠂ ᠴᠧᠨ ᠾᠦᠢ᠂ ᠹᠠᠩ ᠫᠢᠩ᠂ ᠯᠢᠦ ᠷᠧᠨ ᠳ᠋ᠧ ᠵᠡᠷᠭᠡ ᠭᠤᠣᠯ ᠳᠤᠭᠤᠶᠢᠯᠠᠩ ᠤᠨ | ᠪᠦᠷᠢᠯᠳᠦᠭᠦᠨ ᠨᠠᠷ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ | ᠪᠠᠢ ᡁᠢ ᠵᠢᠶᠦ᠋ᠨ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠵᠡᠯ | ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ | ᠭᠡᠵᠦ ᠬᠡᠯᠡᠪᠡ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠡᠭᠦᠷᠭᠡ ᠶᠢ ᠲᠣᠪᠤᠶᠢᠯᠭᠠᠨ᠂ ︽ᠰᠤᠷᠤᠯᠴᠠᠬᠤ᠂ ᠪᠠᠶᠢᠴᠠᠭᠠᠬᠤ᠂ | ᠥᠭᠡᠷᠡᠴᠢᠯᠡᠬᠦ︾ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠵᠦ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ᠂ ᠠᠰᠠᠭᠤᠳᠠᠯ ᠢ | ᠪᠠᠶᠢᠴᠠᠭᠠᠨ ᠳᠡᠯᠭᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠳᠡᠭᠡᠷ᠎ᠡ ᠦᠨᠡᠨᠬᠦ ᠬᠦᠴᠦ ᠣᠷᠣᠭᠤᠯᠵᠤ᠂ | ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠶᠢ ᠠᠳᠬᠤᠵᠤ | ᠂ ᠬᠤᠶᠠᠷ ᠲᠠᠯ᠎ᠠ ᠶᠢ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠨᠢᠭᠡ ᠭᠤᠣᠯ ᠰᠢᠵᠢᠮ ᠳᠤ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ | ᠬᠤᠶᠠᠷ ᠢ ᠬᠤᠪᠢᠷᠠᠭᠤᠯᠬᠤ︾ ᠶᠢ ᠠᠬᠢᠭᠤᠯᠬᠤ᠂ ︽ᠵᠢᠷᠭᠤᠭ᠎ᠠ ᠶᠢ ᠲᠦᠷᠦᠭᠦᠨ ᠳᠤᠨᠢ ᠶᠠᠪᠤᠭᠤᠯᠬᠤ︾ ᠶᠢ ᠪᠡᠶᠡᠯᠡᠭᠦᠯᠬᠦ ᠵᠡᠷᠭᠡ ᠭᠤᠣᠯ ᠠᠵᠢᠯ ᠲᠠᠢ ᠤᠶᠠᠯᠳᠤᠭᠤᠯᠵᠤ᠂ | ᠬᠠᠷᠠᠯᠲᠠ ᠡᠭᠦᠷᠭᠡ ᠪᠠᠨ ᠲᠣᠭᠲᠠᠭᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠨᠠᠮ ᠤᠨ ᠰᠤᠷᠲᠠᠯ ᠵᠠᠰᠠᠭ ᠤᠨ | ᠰᠤᠷᠲᠠᠯ ᠢᠶᠠᠷ ᠤᠯᠤᠰ ᠲᠦᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠲᠡᠷᠢᠭᠦᠨ ᠳᠤ | ᠲᠠᠯᠪᠢᠬᠤ ᠪᠠᠷ ᠴᠢᠷᠮᠠᠶᠢᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | | |