4 ᠰᠠᠷ᠎ᠠ ᠶᠢᠨ 21 ᠤ ᠡᠳᠦᠷ᠂ ᠵᠠᠯᠠᠨ ᠠᠶᠢᠯ ᠬᠤᠲᠠ 2025 ᠣᠨ ᠤ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ | ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ | ᠲᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠮᠧᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠤ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠭᠢᠯᠤᠮ᠎ᠠ ᠬᠠᠯᠠᠭᠤᠨ | ᠠᠵᠢᠯ ᠤᠨ ᠰᠡᠳᠬᠢᠯᠭᠡ ᠪᠠᠷ᠂ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠪᠠᠷ ᠪᠡᠯᠡᠳᠬᠡᠯ ᠠᠵᠢᠯ ᠢ ᠰᠠᠶᠢᠲᠤᠷ ᠬᠢᠵᠦ᠂ ᠠᠵᠢᠯᠯᠠᠭ᠎ᠠ ᠶᠢᠨ ᠲᠡᠭᠦᠰ | ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ᠂ ︽ᠢᠳᠡᠵᠦ ᠤᠤᠭᠤᠬᠤ | ᠶᠠᠪᠤᠵᠤ ᠰᠠᠭᠤᠬᠤ᠂ ᠵᠣᠭᠠᠴᠠᠬᠤ ᠬᠤᠳᠠᠯᠳᠤᠨ ᠠᠪᠬᠤ ᠨᠠᠭᠠᠳᠬᠤ︾ ᠶᠢᠨ ᠪᠦᠬᠦ ᠡᠯᠧᠮᠧᠨ᠋ᠲ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠤᠭᠠᠴᠠᠯ ᠳᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ | ᠵᠤᠭᠠᠴᠠᠭᠰᠠᠳ ᠢ ᠰᠠᠭᠤᠯᠭᠠᠵᠤ ᠳᠡᠶᠢᠯᠬᠦ᠂ ᠵᠤᠭᠠᠴᠠᠨ ᠴᠡᠩᠭᠡᠬᠦ ᠳᠤ ᠰᠠᠶᠢᠨ ᠪᠠᠶᠢᠯᠭᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠤᠬᠠᠭᠤᠯᠬᠤ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠭᠤᠶᠣ ᠦᠵᠡᠮᠵᠢ᠂ ᠠᠮᠲᠠᠲᠤ ᠢᠳᠡᠭᠡᠨ ᠪᠠ ᠰᠣᠶᠣᠯ ᠢ | ᠣᠯᠠᠨ ᠲᠠᠯ᠎ᠠ ᠠᠴᠠ᠂ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠰᠠᠶᠢᠨ ᠰᠠᠶᠢᠬᠠᠨ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ ᠪᠣᠯᠭᠠᠵᠤ᠂ ᠬᠤᠲᠠ ᠶᠢᠨ | ᠥᠩᠭᠡ ᠦᠵᠡᠮᠵᠢ ᠶᠢ ᠳᠡᠯᠭᠡᠨ ᠦᠵᠡᠭᠦᠯᠵᠦ᠂ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭ ᠢ ᠤᠯᠠᠮ ᠨᠢᠭᠡ ᠠᠯᠬᠤᠮ ᠢᠯᠡᠷᠡᠭᠦᠯᠬᠦ ᠬᠡᠷᠡᠭᠲᠡᠢ᠃ ᠴᠡᠴᠡᠭ | ᠰᠣᠨᠢᠷᠬᠠᠬᠤ ᠤᠯᠠᠷᠢᠯ ᠤᠨ ᠠᠶᠠᠨᠴᠢᠳ ᠤᠨ ᠲᠤᠭ᠎ᠠ ᠬᠡᠮᠵᠢᠶ᠎ᠡ ᠶᠢ ᠪᠠᠲᠤ ᠡᠵᠡᠮᠳᠡᠵᠦ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠣᠯᠠᠨ ᠠᠷᠭ᠎ᠠ ᠵᠠᠮ ᠢᠶᠠᠷ | ᠥᠷᠨᠢᠭᠦᠯᠵᠦ᠂ ᠲᠣᠰᠠᠲᠠᠢ ᠪᠠᠶᠢᠳᠠᠯ ᠢ ᠠᠰᠢᠭᠯᠠᠨ ᠨᠠᠩ ᠣᠯᠠᠨ ᠵᠠᠯᠠᠨ ᠠᠶᠢᠯ ᠤᠨ ᠣᠨᠴᠠᠯᠢᠭ ᠲᠠᠢ ᠬᠡᠷᠡᠭᠯᠡᠭᠡᠨ ᠤ ︽ᠳᠡᠯᠪᠡᠷᠡᠯᠲᠡ ᠶᠢᠨ ᠮᠠᠶ᠋ᠢᠭ︾ ᠢ ᠪᠣᠶ ᠪᠣᠯᠭᠠᠵᠤ | ᠂ ︽ᠦᠵᠡᠮᠵᠢ ᠶᠢᠨ ᠣᠷᠣᠨ ᠤ ᠲᠤᠭ᠎ᠠ ᠬᠡᠮᠵᠢᠶ᠎ᠡ︾ ᠶᠢ ︽ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ︾ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠷᠠᠯ ᠠᠴᠠ ᠣᠳᠣᠬᠠᠨ ᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | | | |