ᠵᠠᠯᠠᠨ ᠠᠶᠢᠯ ᠬᠤᠳᠠ ᠶᠢᠨ ᠬᠢᠨ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠳᠠ ᠶᠢᠨ ᠤᠳᠤᠷᠢᠳᠤᠯᠭ᠎ᠠ | ᠯᠢ ᠶᠠᠨ ᠯᠠᠢ᠂ ᠰᠦᠩ ᠾᠦᠢ᠂ ᠰᠦᠨ ᠢᠦᠢ ᠴᠧᠨ᠂ ᠯᠦ ᠶᠣᠣ ᠬᠤᠷᠠᠯ ᠳᠤ ᠣᠷᠣᠯᠴᠠᠵᠤ᠂ ᠬᠤᠷᠠᠯ ᠨᠢ ︽ᠬᠤᠳᠠ ᠶᠢᠨ ᠲᠣᠭᠤᠷᠢᠭ ᠤᠨ ᠭᠤᠣᠯ ᠬᠤᠷᠠᠯ ᠤᠨ | ᠲᠠᠯᠠᠪᠠᠢ + ᠰᠢᠶᠠᠩ ᠪᠠᠯᠭᠠᠰᠤᠨ ᠤ ᠬᠤᠪᠢᠶᠠᠷᠢ ᠬᠤᠷᠠᠯ ᠤᠨ ᠲᠠᠯᠠᠪᠠᠢ︾ ᠶᠢᠨ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠵᠠᠢ᠃ | ᠬᠤᠷᠠᠯ ᠠᠴᠠ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠸᠠᠩ ᠱᠧᠩ ᠨᠥᠬᠦᠷ ᠤᠨ ᠪᠦᠬᠦ ᠬᠤᠳᠠ ᠶᠢᠨ ᠬᠤᠶᠢᠴᠢ ᠦᠶ᠎ᠡ ᠶᠢᠨ | ᠬᠢᠨ ᠢ ᠬᠠᠯᠠᠮᠵᠢᠯᠠᠬᠤ ᠠᠵᠢᠯ ᠤᠨ ᠲᠤᠬᠠᠢ ᠴᠣᠬᠤᠯᠠᠪᠤᠷᠢ ᠶᠢ ᠤᠩᠰᠢᠨ ᠨᠡᠶᠢᠲᠡᠯᠡᠵᠦ᠂ 2025 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ | ᠪᠠᠶᠢᠷᠢᠯᠠᠭᠤᠯᠵᠠᠢ᠃ | ᠬᠤᠷᠠᠯ ᠠᠴᠠ᠂ ᠪᠦᠬᠦ ᠬᠤᠳᠠ ᠶᠢᠨ ᠡᠯ᠎ᠡ ᠦᠨᠳᠦᠰᠦᠨ ᠱᠠᠲᠤᠨ ᠤ ᠨᠠᠮ ᠵᠠᠰᠠᠭ ᠤᠨ ᠰᠠᠯᠠᠭ᠎ᠠ ᠮᠥᠴᠢᠷ ᠪᠣᠯᠣᠨ ᠡᠯ᠎ᠡ ᠪᠦᠷᠢᠯᠳᠦᠭᠦᠨ ᠨᠢᠭᠡᠴᠡ ᠶᠢᠨ ᠬᠢᠨ ᠦᠵᠡᠯ | ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠬᠡᠷᠡᠭᠲᠡᠢ᠃ ᠪᠥᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠪᠣᠳᠠᠲᠤ ᠪᠠᠶᠢᠳᠠᠯ ᠲᠠᠢ ᠪᠠᠨ | ᠨᠢᠭᠲᠠ ᠤᠶᠠᠯᠳᠤᠭᠤᠯᠵᠤ᠂ ᠣᠨᠣᠯᠵᠢᠬᠤᠨ ᠤ ᠰᠢᠨ᠎ᠡ ᠶᠢ ᠡᠭᠦᠳᠬᠦ᠂ ᠠᠴᠢᠶᠠᠯᠠᠪᠤᠷᠢ ᠶᠢᠨ ᠰᠢᠨ᠎ᠡ ᠶᠢ ᠡᠭᠦᠳᠬᠦ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ ᠵᠡᠷᠭᠡ ᠪᠠᠷ | ᠳᠠᠮᠵᠢᠭᠤᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠢᠳᠡᠪᠬᠢᠲᠡᠢ ᠪᠠᠷ ᠬᠠᠮᠵᠢᠯᠴᠠᠬᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠪᠦᠬᠦ ᠬᠤᠳᠠ ᠶᠢᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | | |