4 ᠰᠠᠷ᠎ᠠ ᠶᠢᠨ 28 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠭᠠᠩ ᠬᠤᠲᠠ ᠶᠢᠨ | ᠵᠠᠰᠠᠭ ᠤᠨ ᠣᠷᠳᠣᠨ ᠤ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠨ ᠬᠥᠮᠥᠨ ᠤ ᠤᠬᠠᠮᠰᠠᠷ ᠢ ᠪᠠᠲᠤᠳᠬᠠᠵᠤ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠤ ᠠᠬᠤᠢ ᠶᠢᠨ ᠡᠷᠭᠢᠯᠲᠡ᠂ ᠭᠤᠷᠪᠠᠨ ᠠᠵᠤ ᠦᠢᠯᠡᠰ ᠤᠨ ᠬᠥᠭᠵᠢᠯᠲᠡ᠂ | ᠳᠦᠷᠢᠮ ᠲᠣᠭᠲᠠᠭᠠᠯ ᠢ ᠳᠡᠪᠰᠢᠭᠦᠯᠵᠦ ᠨᠢᠭᠡᠳᠦᠯᠲᠡᠢ ᠪᠣᠯᠭᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠳᠠᠪᠠᠭᠤᠯᠢᠭ ᠭᠦᠢᠴᠡᠳᠬᠡᠬᠦ ᠲᠤᠭ᠎ᠠ ᠶᠢ ᠦᠨᠡᠨᠬᠦ ᠪᠠᠲᠤᠯᠠᠵᠤ᠂ | ᠪᠠᠭᠤᠷᠠᠢ ᠵᠦᠢᠯ ᠤᠨ ᠭᠦᠢᠴᠡᠳᠬᠡᠬᠦ ᠲᠤᠭ᠎ᠠ ᠶᠢ ᠬᠦᠭᠡᠭᠡᠵᠦ ᠭᠦᠢᠴᠡᠵᠦ᠂ ︽ᠬᠠᠭᠠᠰ ᠵᠢᠯ ᠬᠤᠶᠠᠷ ᠢ ᠬᠠᠭᠠᠰ ᠠᠴᠠ ᠳᠡᠭᠡᠭᠰᠢ ᠪᠠᠶᠢᠯᠭᠠᠬᠤ︾ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠪᠣᠯᠣᠨ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠶᠢ ᠰᠠᠶᠢᠲᠤᠷ | ᠠᠳᠬᠤᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠡᠯ᠎ᠡ ᠲᠦᠷᠦᠯ ᠤᠨ ᠵᠥᠷᠢᠴᠡᠯ | ᠵᠢᠭᠤᠷᠠᠯᠳᠤᠭᠠᠨ ᠢ ᠬᠦᠴᠦᠯᠡᠨ ᠠᠷᠢᠯᠭᠠᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠶᠡᠭᠡ ᠲᠠᠯ᠎ᠠ ᠶᠢ ᠦᠨᠡᠨᠬᠦ ᠬᠠᠮᠠᠭᠠᠯᠠᠬᠤ ᠬᠡᠷᠡᠭᠲᠡᠢ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾ ᠪᠣᠯᠣᠨ ︽ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ | ᠰᠤᠷᠤᠯᠴᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠮᠠᠨ ᠤ ᠬᠤᠲᠠ ᠶᠢᠨ ᠡᠯ᠎ᠡ ᠲᠦᠷᠦᠯ ᠤᠨ ᠰᠣᠶᠣᠯ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠤᠨ ᠠᠰᠢᠭᠯᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ | ᠬᠠᠮᠵᠢᠯᠴᠠᠨ ᠠᠬᠢᠭᠤᠯᠵᠤ᠂ ᠬᠠᠪᠤᠷ ᠤᠨ ᠤᠯᠠᠷᠢᠯ ᠤᠨ ᠵᠤᠭᠠᠴᠠᠯ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠯᠡᠭᠡᠨ ᠤ | ᠨᠡᠮᠡᠭᠳᠡᠯ ᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ | ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ᠂ ᠵᠠᠮ ᠬᠠᠷᠢᠯᠴᠠᠭ᠎ᠠ ᠵᠡᠷᠭᠡ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠠᠵᠢᠯ ᠢ ᠰᠠᠶᠢᠲᠤᠷ ᠠᠳᠬᠤᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ | ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠵᠥᠪᠯᠡᠬᠦ ᠵᠦᠢᠯ ᠢ ᠰᠤᠳᠤᠯᠤᠨ ᠬᠢᠨᠠᠨ ᠵᠥᠪᠯᠡᠪᠡ᠃ | | |