4 ᠰᠠᠷ᠎ᠠ ᠶᠢᠨ 22 ᠤᠨ ᠡᠳᠦᠷ᠂ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠠᠵᠢᠯᠯᠠᠭ᠎ᠠ ᠥᠷᠨᠢᠭᠦᠯᠬᠦ︾ ᠲᠤᠰᠬᠠᠢ ᠠᠵᠢᠯ ᠵᠢᠴᠢ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠬᠤ | ᠠᠵᠢᠯ ᠳᠤ ᠬᠦᠴᠦᠨ ᠨᠡᠮᠡᠷᠢᠯᠡᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠵᠠᠩ ᠯᠢ ᠵᠢᠶᠦ᠋ᠨ᠂ ᠰᠦᠨ | ᠢᠦᠢ ᠴᠧᠨ᠂ ᠯᠦ ᠶᠣᠣ᠂ ᠹᠠᠩ ᠫᠢᠩ᠂ ᠯᠢᠦ ᠷᠧᠨ ᠳ᠋ᠧ᠂ ᠵᠢᠶᠣᠣ ᠵᠢᠶᠠᠨ ᠬᠤᠷᠠᠯ ᠳᠤ ᠣᠷᠣᠯᠴᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠠᠵᠢᠯ ᠤᠨ | ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ︽ᠬᠡᠷᠡᠭᠴᠡᠭᠡ ᠶᠢ ᠠᠵᠤ ᠠᠬᠤᠶᠢᠯᠠᠯ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠵᠤ ᠠᠬᠤᠶᠢᠯᠠᠯ ᠠᠴᠠ | ᠠᠰᠠᠭᠤᠵᠤ᠂ ᠲᠥᠷᠥ ᠶᠢᠨ ᠪᠣᠳᠣᠯᠭ᠎ᠠ ᠬᠦᠷᠭᠡᠵᠦ᠂ ᠦᠢᠯᠡᠴᠢᠯᠡᠭᠡ ᠬᠦᠷᠭᠡᠵᠦ᠂ ᠬᠠᠶᠢᠷ᠎ᠠ ᠬᠠᠯᠠᠮᠵᠢ ᠬᠦᠷᠭᠡᠬᠦ︾ ᠪᠠᠷ ᠠᠵᠢᠯ ᠤᠨ ᠭᠠᠷᠳᠠᠴᠠ ᠪᠣᠯᠭᠠᠵᠤ᠂ ᠤᠯᠤᠰ | ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠳᠠᠪᠠᠭᠤᠯᠢᠭ ᠢ ᠦᠨᠡᠨᠬᠦ ᠪᠠᠳᠠᠷᠠᠭᠤᠯᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠬᠥᠳᠡᠯᠦᠩᠭᠦᠢ ᠪᠠᠷ ᠡᠵᠡᠮᠰᠢᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠡᠭᠦᠷᠭᠡ ᠴᠢᠳᠠᠪᠬᠢᠲᠤ | ᠰᠠᠯᠠᠭ᠎ᠠ ᠮᠥᠴᠢᠷ ᠲᠠᠢ ᠬᠤᠯᠪᠤᠭᠠᠯᠠᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠤᠨᠢᠨ ᠳᠡᠭᠡᠷ᠎ᠡ ᠨᠢ ᠦᠢᠯᠡᠴᠢᠯᠡᠬᠦ ᠪᠠᠷ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠢᠭᠤᠳ ᠬᠦᠷᠲᠡᠵᠦ ᠲᠦᠷᠭᠡᠨ ᠡᠳ᠋ᠯᠡᠬᠦ᠂ ᠴᠢᠳᠠᠪᠤᠷᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ | ᠨᠡᠮᠡᠷᠢᠯᠡᠨ᠎ᠡ᠃ | | |