ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠳᠠᠭᠠᠳᠬᠠᠯ ‍ᠤᠨ‌‍ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ  ᠶᠢᠨ ᠠᠵᠢᠯ  ᠲᠤᠭᠲᠠᠭᠤᠨ ᠢᠶᠠᠷ ᠶᠠᠪᠤᠭᠳᠠᠨ᠎ᠠ
ᠨᠡᠶᠢᠲᠡᠯᠡᠭᠰᠡᠨ ᠴᠠᠭ᠄
2025/4/7
    ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠬᠥᠯᠥᠨ ᠪᠤᠶᠢᠷ ᠬᠤᠲᠠ ᠶᠢᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠪᠠ ᠠᠮᠤᠷ ᠲᠦᠪᠰᠢᠨ ᠤ ᠵᠢᠷᠤᠮᠵᠢᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠴᠢᠳᠠᠪᠤᠷᠢ ᠶᠢᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠯᠭᠤᠬᠤ ᠬᠢᠵᠠᠭᠠᠷ ᠱᠤᠭᠤᠮ ᠢ ᠪᠠᠲᠤ ᠰᠠᠬᠢᠵᠤ᠂ ᠠᠵᠢᠯ  ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ᠂ ᠣᠯᠭᠤᠬᠤ ᠪᠠ ᠳᠠᠭᠠᠳᠬᠠᠯ ᠳᠤ ᠣᠷᠣᠯᠴᠠᠭᠰᠠᠳ ᠤᠨ ᠭᠡᠷ ᠪᠦᠯᠢ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ᠃ ᠣᠲᠣ ᠪᠣᠯᠲᠠᠯ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠵᠤ ᠲᠠᠷᠬᠠᠭᠠᠬᠤ ᠠᠵᠢᠯ ᠲᠣᠭᠲᠠᠭᠤᠨ ᠢᠶᠠᠷ ᠠᠬᠢᠵᠤ ᠪᠠᠶᠢᠨ᠎ᠠ᠃    ᠨᠢᠭᠡ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠷᠢᠶᠠᠨ ᠲᠤᠰᠢᠶᠠᠭᠰᠠᠨ ᠪᠠᠶᠢᠳᠠᠯ᠄     2025 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠵᠠᠯᠠᠨ ᠠᠶᠢᠯ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠡᠶᠢᠲᠡ ᠣᠷᠣᠯᠭ᠎ᠠ 16236 ᠲᠦᠮᠡᠨ ᠲᠥᠭᠦᠷᠢᠭ ᠲᠤ ᠬᠦᠷᠴᠦ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠡᠶᠢᠲᠡ ᠣᠷᠣᠯᠭ᠎ᠠ 7801 ᠲᠦᠮᠡᠨ ᠲᠥᠭᠦᠷᠢᠭ ᠲᠤ ᠬᠦᠷᠴᠡᠢ︔ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠡᠶᠢᠲᠡ ᠣᠷᠣᠯᠭ᠎ᠠ 4777 ᠲᠦᠮᠡᠨ ᠲᠥᠭᠦᠷᠢᠭ᠂ ᠠᠵᠢᠯ ᠮᠡᠷᠭᠡᠵᠢᠯ ᠤᠨ ᠣᠨ ᠤ ᠮᠥᠩᠭᠦ ᠶᠢᠨ ᠨᠡᠶᠢᠲᠡ ᠣᠷᠣᠯᠭ᠎ᠠ 2008 ᠲᠦᠮᠡᠨ ᠲᠥᠭᠦᠷᠢᠭ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠷᠣᠯᠭ᠎ᠠ ᠨᠡᠶᠢᠲᠡ 1353 ᠲᠦᠮᠡᠨ ᠲᠥᠭᠦᠷᠢᠭ︔ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠷᠣᠯᠭ᠎ᠠ ᠨᠢ ᠨᠡᠶᠢᠲᠡ 297 ᠲᠦᠮᠡᠨ ᠲᠥᠭᠦᠷᠢᠭ ᠪᠣᠯᠣᠨ᠎ᠠ᠃    ᠲᠣᠰ ᠵᠢᠯ ᠤᠨ ᠠᠵᠢᠯ ᠮᠡᠷᠭᠡᠵᠢᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠳᠤ ᠣᠷᠣᠭᠤᠯᠤᠭᠰᠠᠨ ᠨᠡᠶᠢᠲᠡ ᠵᠣᠭᠤᠰ ᠤᠨ ᠲᠤᠭ᠎ᠠ᠄ 1891 ᠲᠦᠮᠡᠨ ᠲᠥᠭᠦᠷᠢᠭ ᠪᠣᠯᠣᠨ᠎ᠠ᠃    ᠬᠤᠶᠠᠷ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠵᠠᠷᠤᠯᠭ᠎ᠠ ᠶᠢᠨ ᠪᠠᠶᠢᠳᠠᠯ    2025 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠵᠠᠯᠠᠨ ᠠᠶᠢᠯ ᠬᠤᠲᠠ ᠶᠢᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠵᠠᠷᠤᠯᠭ᠎ᠠ ᠨᠡᠶᠢᠲᠡ 57049 ᠲᠦᠮᠡᠨ ᠲᠥᠭᠦᠷᠢᠭ ᠬᠦᠷᠴᠦ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ︵ᠨᠥᠭᠴᠢᠭᠰᠡᠳ ᠤᠨ ᠭᠡᠷ ᠪᠦᠯᠢ ᠪᠠ ᠣᠷᠣᠰᠢᠭᠤᠯᠭ᠎ᠠ ᠶᠢᠨ ᠵᠠᠷᠤᠳᠠᠯ ᠪᠠᠭᠲᠠᠨ᠎ᠠ︶ ᠤᠨ ᠵᠠᠷᠤᠯᠭ᠎ᠠ ᠨᠡᠶᠢᠲᠡ 39438 ᠲᠦᠮᠡᠨ ᠲᠥᠭᠦᠷᠢᠭ ᠬᠦᠷᠴᠡᠢ︔ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠵᠠᠷᠤᠯᠭ᠎ᠠ ᠨᠡᠶᠢᠲᠡ 14078 ᠲᠦᠮᠡᠨ ᠲᠥᠭᠦᠷᠢᠭ ᠬᠦᠷᠴᠡᠢ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠯᠭ᠎ᠠ ᠨᠡᠶᠢᠲᠡ 3151 ᠲᠦᠮᠡᠨ ᠲᠥᠭᠦᠷᠢᠭ︔ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠨᠡᠶᠢᠲᠡ 382 ᠲᠦᠮᠡᠨ ᠲᠥᠭᠦᠷᠢᠭ ᠵᠠᠷᠤᠴᠠᠭᠤᠯᠪᠠ᠃    ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠰᠠᠭᠤᠷᠢ ᠮᠥᠩᠭᠦ ᠶᠢ ᠬᠢᠨᠠᠨ ᠪᠤᠳᠤᠬᠤ ᠠᠷᠭ᠎ᠠ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠬᠡᠬᠦ᠂ ᠮᠡᠳᠡᠭᠡ ᠵᠠᠩᠭᠢ᠂ ᠬᠢᠨᠠᠯᠲᠠ ᠬᠠᠮᠢᠶᠠᠷᠤᠯᠲᠠ ᠵᠡᠷᠭᠡ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠰᠠᠭᠤᠷᠢ ᠮᠥᠩᠭᠦᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ