ᠵᠠᠯᠠᠨ ᠠᠶᠢᠯ ᠬᠤᠲᠠ ᠮᠥᠩᠭᠦᠨ ᠭᠦᠢᠯᠭᠡᠭᠡᠨ ᠤ ᠬᠦᠷᠢᠶᠡᠨ ᠳᠠᠬᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
    3 ᠰᠠᠷ᠎ᠠ ᠶᠢᠨ 28 ᠤ ᠡᠳᠦᠷ᠂ ᠵᠠᠯᠠᠨ ᠠᠶᠢᠯ ᠬᠤᠲᠠ ᠮᠥᠩᠭᠦᠨ ᠭᠦᠢᠯᠭᠡᠭᠡᠨ ᠤ ᠬᠦᠷᠢᠶᠡᠨ ᠳᠠᠬᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠠᠩᠬᠢ ᠶᠢᠨ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠮᠠᠯ ᠢ ᠤᠷᠢᠵᠤ ᠲᠣᠰ ᠤᠳᠠᠭᠠᠨ ᠤ ᠬᠤᠷᠠᠯ ᠳᠤ ᠣᠷᠣᠯᠴᠠᠭᠤᠯᠪᠠ᠃ ᠬᠤᠷᠠᠯ ᠨᠢ ᠮᠥᠩᠭᠦᠨ ᠭᠦᠢᠯᠭᠡᠭᠡᠨ ᠤ ᠬᠦᠷᠢᠶᠡᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠮᠥᠩᠭᠦᠨ ᠭᠦᠢᠯᠭᠡᠭᠡᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠵᠢᠴᠢ ᠨᠢᠭᠡᠳᠦᠭᠡᠷ ᠤᠯᠠᠷᠢᠯ ᠤᠨ ᠡᠬᠢᠯᠡᠯᠲᠡ ᠶᠢᠨ ᠭᠦᠢᠴᠡᠳᠬᠡᠯ ᠲᠤᠭ᠎ᠠ ᠶᠢ ᠲᠤᠬᠢᠷᠠᠭᠤᠯᠬᠤ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠶᠠᠪᠤᠭᠳᠠᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠡᠯᠪᠡᠷᠢ ᠶᠢᠨ ᠦᠵᠡᠯ ᠢ ᠴᠡᠭᠴᠡᠯᠡᠨ ᠵᠠᠰᠠᠨ᠎ᠠ᠃ ᠣᠶᠢᠷ᠎ᠠ ᠶᠢᠨ ᠬᠤᠭᠤᠴᠠᠭᠠᠨ ᠳᠤ᠂ ᠵᠠᠯᠠᠨ ᠠᠶᠢᠯ ᠬᠤᠲᠠ ᠶᠢᠨ ᠬᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠠᠯᠪᠠᠨ ᠭᠡᠷ ᠠᠴᠠ ᠮᠠᠨ ᠤ ᠬᠤᠲᠠ ᠶᠢᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠠᠶᠢᠳᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠃ ᠶᠠᠪᠤᠴᠠ ᠳᠤ ᠬᠡᠰᠡᠭ ᠲᠣᠰᠬᠤᠨ᠂ ᠨᠡᠶᠢᠭᠡᠮ ᠲᠣᠭᠤᠷᠢᠭ ᠤᠨ ᠬᠢᠨ ᠵᠠᠷᠢᠮ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠦᠶ᠎ᠡ ᠳᠤ ᠮᠥᠨ ᠬᠦ ᠭᠠᠴᠠᠭ᠎ᠠ᠂ ᠨᠡᠶᠢᠭᠡᠮ ᠲᠣᠭᠤᠷᠢᠭ ᠤᠨ ᠭᠡᠷᠡᠴᠢᠯᠡᠬᠦ ᠵᠦᠢᠯᠡᠰ ᠤᠨ ᠲᠣᠳᠣᠷᠬᠠᠶ ᠬᠠᠭᠤᠳᠠᠰᠤ ᠠᠴᠠ ᠭᠠᠳᠠᠨᠠᠬᠢ ᠭᠡᠷᠡᠴᠢ ᠪᠤᠶᠤ ᠬᠤᠯᠪᠣᠭᠳᠠᠯ ᠪᠥᠬᠦᠶ ᠲᠣᠳᠣᠷᠬᠠᠶᠢᠯᠠᠯᠲᠠ ᠶᠢ ᠭᠠᠷᠭᠠᠵᠤ ᠥᠭᠬᠦ ᠶᠢ ᠱᠠᠭᠠᠷᠳᠠᠵᠤ ᠪᠠᠶᠢᠨ᠎ᠠ᠂ ᠵᠢᠱᠢᠶᠡᠯᠡᠪᠡᠯ ᠥᠭᠦᠭᠰᠡᠨ ᠭᠡᠷᠡᠴᠢ᠂ ᠲᠥᠷᠥᠯ ᠰᠠᠳᠤᠨ ᠤ ᠬᠠᠷᠢᠴᠠᠭ᠎ᠠ ᠶᠢᠨ ᠭᠡᠷᠡᠴᠢ᠂ ᠡᠳ᠋ ᠬᠥᠷᠥᠩᠭᠡ ᠶᠢᠨ ᠪᠠᠶᠢᠳᠠᠯ ᠤᠨ ᠭᠡᠷᠡᠴᠢ ᠵᠡᠷᠭᠡ ᠶᠢ ᠡᠯ᠎ᠡ ᠪᠠᠩᠬᠢ ᠶᠢᠨ ᠪᠠᠶᠢᠭᠤᠯᠤᠮᠵᠢ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠦᠵᠡᠯ ᠰᠠᠨᠠᠭᠠᠨ ᠤ ᠤᠬᠠᠮᠰᠠᠷ᠂  ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠡᠶᠢᠮᠦᠷᠬᠦ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ᠃ ᠬᠤᠶᠠᠷ ᠲᠤ ᠠᠶᠤᠯᠭᠦᠶ ᠦᠢᠯᠡᠳᠪᠦᠷᠢᠯᠡᠯ ᠢ ᠪᠠᠲᠤᠯᠠᠨ᠎ᠠ᠃ ᠣᠶᠢᠷ᠎ᠠ ᠳᠤ᠂ ᠠᠶᠤᠯᠭᠦᠶ ᠦᠢᠯᠡᠳᠪᠦᠷᠢᠯᠡᠯ ᠤᠨ ᠠᠳᠡᠯ ᠪᠣᠯᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠡᠷᠡᠭ ᠤᠨ ᠠᠯᠢ ᠣᠯᠠᠨ ᠳᠠᠯᠳᠠ ᠬᠡᠮ ᠰᠣᠭᠤᠭ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠳᠦ ᠬᠡᠮᠵᠢᠶᠡᠨ ᠤ ᠰᠣᠨᠣᠷ ᠰᠡᠷᠡᠮᠵᠢ ᠶᠢ ᠪᠣᠶ ᠪᠣᠯᠭᠠᠵᠠᠶ᠃ ᠡᠯ᠎ᠡ ᠪᠠᠩᠬᠢ ᠶᠢᠨ ᠪᠠᠶᠢᠭᠤᠯᠤᠮᠵᠢ ᠨᠤᠭᠤᠳ ᠡᠭᠦᠨ ᠢᠶᠠᠷ ᠴᠡᠭᠡᠷᠯᠡᠯ ᠪᠣᠯᠭᠠᠵᠤ᠂ ᠠᠮᠤᠷ ᠲᠦᠪᠰᠢᠨ ᠤ ᠠᠯᠳᠠᠰᠢ ᠭᠠᠷᠬᠤ ᠶᠢ ᠬᠤᠷᠢᠭᠯᠠᠵᠤ᠂ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠᠨ ᠴᠢᠩᠭᠠᠷᠠᠭᠤᠯᠤᠨ᠂ ᠠᠮᠤᠷ ᠲᠦᠪᠰᠢᠨ ᠤ ᠡ᠊ᠨᠳᠡᠯ ᠭᠠᠷᠬᠤ ᠶᠢ ᠡᠬᠢ ᠰᠤᠷᠪᠤᠯᠵᠢ ᠠᠴᠠ ᠨᠢ ᠰᠡᠷᠭᠡᠶᠢᠯᠡᠨ ᠪᠠᠭᠠᠰᠬᠠᠬᠤ ᠬᠡᠷᠡᠭᠲᠡᠶ᠃ ᠭᠤᠷᠪᠠ ᠳᠤ᠂ ᠭᠦᠢᠴᠡᠳᠬᠡᠬᠦ ᠲᠤᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠯ᠎ᠡ ᠪᠠᠩᠬᠢ ᠶᠢᠨ ᠪᠠᠶᠢᠭᠤᠯᠤᠮᠵᠢ ᠨᠢ ᠬᠥᠯᠥᠨ ᠪᠤᠶᠢᠷ ᠬᠤᠲᠠ ᠶᠢᠨ ᠠᠵᠤ ᠠᠬᠤᠶ ᠶᠢ ᠳᠥᠯᠭᠢᠨ ᠠᠬᠢᠭᠤᠯᠬᠤ ︽ᠨᠢᠭᠡ ᠬᠤᠰᠢᠭᠤ ᠬᠤᠲᠠ ᠳᠤ ᠨᠢᠭᠡ ᠠᠷᠭᠠᠴᠠᠬᠤ ᠪᠣᠳᠣᠯᠭ᠎ᠠ︾ ᠶᠢᠨ ᠭᠦᠢᠴᠡᠳᠭᠡᠯ ᠲᠤᠭ᠎ᠠ ᠶᠢᠨ ᠡᠭᠦᠷᠭᠡ ᠵᠢᠴᠢ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶ ᠶᠢᠨ ᠠᠵᠢᠯᠯᠠᠭᠠᠨ ᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠦᠤ ᠮᠥᠩᠭᠦ ᠶᠢᠨ ᠴᠡᠪᠡᠷ ᠣᠷᠣᠯᠭ᠎ᠠ᠂ ᠭᠠᠷ ᠭᠦᠢᠴᠡᠳᠭᠡᠯ ᠤᠨ ᠰᠦᠢᠳᠭᠡᠯ ᠵᠢᠴᠢ ᠬᠥᠯᠥᠰᠥᠨ ᠮᠥᠩᠭᠦ ᠶᠢᠨ ᠴᠡᠪᠡᠷ ᠣᠷᠣᠯᠭ᠎ᠠ ᠶᠢᠨ ᠲᠤᠭ᠎ᠠ ᠪᠠᠷᠢᠮᠲᠠ ᠶᠢᠨ ᠪᠠᠶᠢᠳᠠᠯ ᠢ ᠦᠷᠭᠦᠯᠵᠢᠯᠡᠨ ᠠᠩᠬᠠᠷᠴᠤ᠂ ᠭᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠶᠢᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠬᠤᠷᠳᠤᠴᠠ ᠶᠢ 6% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ︾ ᠶᠢ ᠪᠡᠶᠡᠯᠡᠭᠦᠯᠬᠦ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ