ᠪᠠᠢ ᡁᠢ ᠵᠢᠶᠦ᠋ᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠣᠳᠣᠯᠠᠪᠠ
ᠨᠡᠶᠢᠲᠡᠯᠡᠭᠰᠡᠨ ᠴᠠᠭ᠄
2025/5/15
    5 ᠳ᠋ᠤᠭᠠᠷ ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠵᠠᠯᠠᠨ ᠠᠶᠢᠯ ᠬᠤᠳᠠ ᠶᠢᠨ ᠤᠳᠤᠷᠢᠳᠤᠯᠭ᠎ᠠ  ᠮᠧᠩ ᠭᠠᠩ᠂ ᠭᠦᠸᠧ ᠫᠢᠩ᠂ ᡂᠢ ᠯᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃     ᠪᠠᠢ ᡁᠢ ᠵᠢᠶᠦ᠋ᠨ ᠤᠷᠢᠳ ᠬᠤᠵᠢᠳ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠰᠢᠨ᠎ᠡ ᠲᠣᠭᠤᠷᠢᠭ ᠤᠨ ᠬᠡᠦᠬᠡᠳ ᠤᠨ ᠴᠡᠴᠡᠷᠯᠢᠭ᠂ ᠵᠠᠯᠠᠨ ᠠᠶᠢᠯ ᠤᠨ ᠨᠢᠭᠡᠳᠦᠭᠡᠷ ᠳᠤᠮᠳᠠᠳᠤ ᠰᠣᠷᠭᠠᠭᠤᠯᠢ ᠵᠡᠷᠭᠡ ᠶᠢᠨ ᠭᠠᠵᠠᠷ ᠲᠤ ᠬᠦᠷᠴᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠵᠢᠴᠢ ᠢᠵᠢ ᠪᠦᠷᠢᠳᠦᠭᠰᠡᠨ ᠲᠥᠬᠦᠭᠡᠷᠦᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠠᠢ ᠳᠤ ᠠᠯᠪᠠᠯᠠᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯ ᠣᠯᠠᠨ ᠲᠦᠮᠡᠨ ᠤ ᠠᠮᠢ ᠪᠡᠶ᠎ᠡ  ᠶᠢᠨ ᠠᠰᠢᠭ ᠲᠤᠰᠠ ᠳᠤ ᠬᠤᠯᠪᠣᠭᠳᠠᠬᠤ ᠪᠥᠭᠡᠳ ᠪᠠᠰᠠ ᠴᠤ ᠵᠠᠰᠠᠭ ᠤᠨ ᠣᠷᠳᠣᠨ  ᠠᠴᠠ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠡᠭᠦᠨ ᠳᠤ ᠬᠤᠯᠪᠣᠭᠳᠠᠬᠤ ᠬᠡᠪᠴᠢᠶ᠎ᠡ ᠨᠢ ᠥᠷᠭᠡᠨ᠂  ᠠᠩᠬᠠᠷᠴᠠ ᠨᠢ ᠥᠨᠳᠥᠷ ᠪᠠᠶᠢᠳᠠᠭ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠰᠡᠳᠬᠢᠯ ᠲᠠᠯᠪᠢᠨ ᠬᠦᠴᠦ ᠲᠠᠯᠪᠢᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠪᠡᠷ ᠲᠡᠭᠰᠢ ᠪᠣᠯᠪᠠᠰᠤᠨ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃    ᠪᠠᠶᠢᠴᠠᠭᠠᠨ ᠰᠤᠳᠤᠯᠬᠤ ᠶᠠᠪᠤᠴᠠ ᠳᠤ᠂ ᠪᠠᠢ ᡁᠢ ᠵᠢᠶᠦ᠋ᠨ ᠪᠠᠰᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠠᠵᠢᠯᠯᠠᠭ᠎ᠠ ᠶᠢᠨ ᠡᠷᠴᠢᠮ︾ ᠢᠶᠠᠷ ︽ᠠᠷᠠᠳ ᠤᠨ ᠠᠮᠢᠳᠤᠷᠠᠯ ᠤᠨ ᠳᠤᠯᠠᠭᠠᠴᠠ︾ ᠶᠢ ᠳᠡᠭᠡᠭᠰᠢᠯᠡᠭᠦᠯᠵᠦ᠂ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠵᠤ᠂ ᠬᠤᠳᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯ ᠤᠨ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ