ᠰᠤᠪᠢᠯᠠᠭᠴᠢ ᠶᠢᠨ ᠪᠠᠶᠠᠷ ᠤᠨ ᠲᠠᠰᠢᠷᠠᠮ ᠢᠶᠠᠷ᠂ ᠵᠠᠯᠠᠨ ᠠᠶᠢᠯ ᠬᠤᠲᠠ ᠶᠢᠨ ᠬᠢᠨ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶᠠᠨ ᠳᠤ ︽ | ᠥᠷᠥᠰᠢᠶᠡᠯᠲᠦ ᠰᠡᠳᠬᠢᠯ ᠢᠶᠠᠷ ᠠᠮᠢ ᠨᠠᠰᠤ ᠶᠢ ᠭᠡᠷᠡᠯᠲᠦᠭᠦᠯᠦᠨ ᠴᠠᠭᠠᠨ ᠬᠤᠪᠴᠠᠰᠤᠲᠤ ᠠᠨᠴᠢᠯ ᠢ ᠮᠠᠭᠲᠠᠨ ᠰᠠᠶᠢᠰᠢᠶᠠᠬᠤ︾ ᠢᠷᠠᠭᠤ ᠨᠠᠶᠢᠷᠠᠭ ᠤᠨ ᠤᠷᠠᠨ | ᠤᠩᠰᠢᠯᠭ᠎ᠠ ᠶᠢᠨ ᠬᠤᠷᠠᠯ ᠡᠷᠭᠢᠯᠡᠵᠡᠶ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠣᠣ ᠵᠢᠶᠠᠨ ᠠᠵᠢᠯᠯᠠᠭ᠎ᠠ ᠳᠤ ᠣᠷᠣᠯᠴᠠᠪᠠ᠃ | ᠤᠷᠠᠨ ᠤᠩᠰᠢᠯᠭ᠎ᠠ ᠶᠢᠨ ᠴᠤᠭᠯᠠᠭᠠᠨ ᠢ ᠵᠠᠯᠠᠨ ᠠᠶᠢᠯ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠡᠲᠡᠭᠡᠳ ᠤᠨ ᠢᠯᠭᠠᠯ ᠤᠨ ᠳᠤᠭᠤᠶᠢᠯᠠᠩ | ᠠᠴᠠ ᠭᠤᠣᠯᠯᠠᠨ ᠡᠷᠭᠢᠯᠡᠵᠦ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠤᠷᠠᠨ ᠤᠩᠰᠢᠯᠭ᠎ᠠ ᠶᠢᠨ | ᠤᠷᠠᠯᠢᠭ ᠤᠨ ᠨᠡᠶᠢᠭᠡᠮᠯᠢᠭ᠂ ᠰᠣᠶᠣᠯ ᠤᠨ ᠣᠷᠳᠣᠨ ᠬᠠᠮᠲᠤ ᠪᠠᠷ ᠳᠠᠭᠠᠭᠠᠴᠢᠯᠠᠨ ᠡᠷᠭᠢᠯᠡᠪᠡ᠃ ᠤᠶᠠᠩᠭᠠᠯᠠᠭᠴᠢᠳ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ | ᠰᠢᠯᠦᠭ ᠳᠠᠭᠤᠯᠠᠯ ᠢᠶᠠᠷ ᠢᠶᠠᠨ ᠡᠮᠴᠢ ᠰᠤᠪᠢᠯᠠᠭᠴᠢᠳ ᠤᠨ ᠡᠭᠡᠯ ᠵᠢᠷ ᠤᠨ ᠠᠵᠢᠯ ᠤᠨ ᠪᠠᠶᠢᠷᠢ ᠳᠡᠭᠡᠷᠡᠬᠢ ᠶᠡᠷᠦ ᠪᠤᠰᠤ ᠶᠢᠨ ᠪᠠᠷᠢᠮᠲᠠᠯᠠᠯ ᠢ ᠠᠮᠢᠳᠤᠯᠢᠭ ᠢᠶᠠᠷ | ᠬᠠᠷᠠᠭᠤᠯᠵᠤ᠂ ᠲᠡᠳᠡᠨ ᠤ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠡᠮᠦᠨ᠎ᠡ ᠹᠷᠣᠨᠲ ᠲᠠᠬᠢ ᠰᠡᠳᠬᠢᠯ ᠬᠥᠳᠡᠯᠭᠡᠮ᠎ᠡ ᠬᠤᠷᠣᠮ ᠢ ᠳᠠᠬᠢᠨᠲᠠ | ᠢᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠲᠤ ᠡᠮᠴᠢ ᠰᠤᠪᠢᠯᠠᠭᠴᠢᠳ ᠤᠨ ᠬᠤᠪᠢ ᠨᠡᠮᠡᠷᠢ ᠪᠠ ᠬᠤᠪᠢ ᠨᠡᠮᠡᠷᠢ ᠶᠢ ᠨᠡᠩ ᠭᠦᠨᠵᠡᠭᠡᠢ ᠣᠶᠢᠯᠠᠭᠠᠭᠤᠯᠵᠤ᠂ ᠡᠮᠴᠢ | ᠰᠤᠪᠢᠯᠠᠯᠲᠠ ᠶᠢ ᠬᠦᠨᠳᠦᠳᠬᠡᠬᠦ᠂ ᠠᠮᠢ ᠨᠠᠰᠤ ᠶᠢ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠪᠠ᠃ | |