ᠵᠠᠯᠠᠨ ᠠᠶᠢᠯ ᠬᠤᠲᠠ ᠬᠤᠲᠠ ᠪᠠᠯᠭᠠᠰᠤᠨ ᠤ ᠭᠠᠯ ᠤᠨᠲᠠᠷᠠᠭᠠᠬᠤ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠯᠠᠷᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 7 ᠤ ᠡᠳᠦᠷ᠂ ᠵᠠᠯᠠᠨ ᠠᠶᠢᠯ ᠬᠤᠲᠠ ᠬᠤᠲᠠ ᠪᠠᠯᠭᠠᠰᠤᠨ ᠤ ᠭᠠᠯ ᠤᠨᠲᠠᠷᠠᠭᠠᠬᠤ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠯᠠᠷᠢᠯ ᠤᠨ ᠬᠤᠷᠠᠯ ᠬᠤᠷᠠᠯᠳᠤᠭᠤᠯᠪᠠ᠃ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠲᠠ  ᠶᠢᠨ ᠪᠠᠶᠢᠩᠭᠤ  ᠶᠢᠨ ᠳᠡᠳ᠋ ᠳᠠᠷᠤᠭ᠎ᠠ ᠲᠢᠶᠠᠨ ᠰᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠠᠶᠤᠯᠭᠦᠢ ᠦᠢᠯᠡᠳᠪᠦᠷᠢᠯᠡᠯ ᠋ ᠤᠨ ᠠᠵᠢᠯ ᠋ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠢ ᠦᠢᠯᠡᠳᠪᠦᠷᠢᠯᠡᠯ ᠋ ᠤᠨ ᠵᠥᠪᠯᠡᠯ ᠋ ᠤᠨ ᠠᠯᠪᠠᠨ ᠭᠡᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠋ ᠤᠨ ᠪᠠᠶᠢᠳᠠᠯ ᠋ ᠢ ᠮᠡᠳᠡᠭᠳᠡᠵᠦ᠂ ᠣᠳᠣᠬᠠᠨ ᠋ ᠤ ᠪᠠᠶᠢᠳᠠᠯ ᠋ ᠢ ᠵᠠᠳᠠᠯᠵᠤ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ  ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠣᠯᠭᠠᠨ ᠢ ᠪᠣᠳᠠᠲᠠᠶᠢᠵᠢᠭᠤᠯᠬᠤ︾ ᠬᠡᠷᠡᠭᠵᠢᠭᠦᠯᠬᠦ ᠬᠦᠴᠦᠨ ᠢᠶᠠᠷ ᠭᠤᠣᠯᠳᠠᠯᠭ᠎ᠠ ᠲᠠᠢ ᠬᠦᠷᠢᠶᠡᠨ ᠤ ᠳᠠᠯᠳᠠ ᠬᠡᠮ ᠢ ᠪᠠᠶᠢᠴᠠᠭᠠᠵᠤ ᠳᠤᠲᠠᠭᠤᠳᠠᠯ ᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠢ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ