ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ 6 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 9  ᠤ ᠡᠳᠦᠷ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠧᠩ ᠭᠠᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 6 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ  ᠶᠢᠨ ᠬᠡᠰᠡᠭ ᠮᠤᠵᠢ ᠣᠷᠣᠨ ᠬᠤᠲᠠ  ᠶᠢᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ  ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ  ᠶᠢᠨ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠭᠦᠢᠵᠧᠦ  ᠶᠢᠨ ᠪᠢᠵᠢᠶ᠋ᠧ ᠬᠤᠲᠠ  ᠶᠢᠨ ᠴᠢᠶᠠᠨ ᠰᠢ ᠬᠤᠲᠠ  ᠶᠢᠨ ᠵᠤᠭᠠᠴᠠᠯ ᠤᠨ ᠣᠩᠭᠤᠴᠠ ᠬᠥᠷᠪᠡᠭᠰᠡᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠰᠠᠭᠤᠷᠢ ᠲᠠᠯᠪᠢᠬᠤ᠂ ᠰᠡᠯᠭᠦᠬᠦ ᠬᠦᠴᠦᠨ ᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠢ ᠴᠢᠬᠤᠯᠠ ᠶᠡᠭᠡ ᠲᠥᠷᠥᠯ ᠵᠦᠢᠯ ᠪᠠ ᠭᠤᠣᠯᠳᠠᠯᠭ᠎ᠠ ᠲᠠᠢ ᠠᠵᠤ ᠦᠢᠯᠡᠰ ᠢ ᠲᠥᠯᠥᠪᠯᠡᠨ ᠪᠡᠯᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠯᠥᠪᠵᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠠᠴᠠ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠪᠠᠷ ᠵᠢᠱᠢᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯᠳᠠᠯᠭ᠎ᠠ ᠲᠠᠢ ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠡᠷᠡᠭᠯᠡᠭᠡ ᠶᠢ ᠠᠬᠢᠭᠤᠯᠬᠤ᠂ ᠳᠦᠷᠢᠮ ᠢ ᠳᠡᠭᠡᠭᠰᠢᠯᠡᠭᠦᠯᠵᠦ ᠳᠦᠷᠢᠮ ᠢ ᠲᠣᠭᠲᠠᠭᠠᠨ ᠨᠢᠭᠡᠳᠦᠯᠲᠡᠢ ᠬᠤᠷᠢᠶᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠬᠠᠭᠠᠰ ᠵᠢᠯ ᠳᠤ ᠬᠤᠶᠠᠷ ᠢ ᠬᠠᠭᠠᠰ ᠠᠴᠠ ᠳᠡᠭᠡᠭᠰᠢ ᠪᠠᠶᠢᠯᠭᠠᠬᠤ︾ ᠬᠠᠷᠠᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ