2 ᠤᠨ ᠡᠳᠦᠷ 2024 ᠠᠴᠠ 2025 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠴᠢᠯᠦᠭᠡᠲᠦ ᠴᠡᠨᠡᠯᠡᠯᠲᠡ ᠶᠢᠨ ᠴᠠᠰᠤᠨ ᠳᠡᠭᠡᠷᠡᠬᠢ ᠤᠷ᠎ᠠ | ᠮᠡᠷᠭᠡᠵᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠠᠯᠠᠨ ᠠᠶᠢᠯ ᠬᠤᠲᠠ ᠳᠤ ᠡᠬᠢᠯᠡᠭᠰᠡᠨ ᠪᠥᠭᠡᠳ ᠴᠢᠯᠦᠭᠡᠲᠦ ᠴᠡᠨᠡᠯᠡᠯᠲᠡ ᠶᠢᠨ ᠡᠷᠡᠭᠲᠡᠢ᠂ ᠡᠮᠡᠭᠲᠡᠢ ᠶᠢᠨ ᠬᠤᠪᠢ | ᠬᠥᠮᠥᠨ ᠤ ᠴᠠᠰᠤᠨ ᠳᠡᠭᠡᠷᠡᠬᠢ ᠤᠷ᠎ᠠ ᠮᠡᠷᠭᠡᠵᠢᠯ ᠤᠨ ᠪᠡᠯᠡᠳᠬᠡᠯ ᠰᠢᠢᠳᠪᠦᠷᠢᠲᠦ ᠤᠷᠤᠯᠳᠤᠭᠠᠨ ᠶᠠᠪᠣᠭᠳᠠᠪᠠ᠃ ᠲᠣᠰ ᠤᠳᠠᠭᠠᠨ ᠤ ᠤᠷᠤᠯᠳᠤᠭᠠᠨ ᠢ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠥᠪ ᠠᠴᠠ ᠭᠤᠣᠯᠯᠠᠨ ᠡᠷᠭᠢᠯᠡᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠨ ᠡᠷᠭᠢᠯᠡᠵᠦ᠂ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ | ᠲᠣᠪᠴᠢᠶ᠎ᠠ᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠣᠣ ᠾᠦᠢ ᠱᠠᠩᠨᠠᠯ ᠣᠯᠣᠭᠰᠠᠨ ᠲᠠᠮᠢᠷᠴᠢᠳ ᠲᠤ ᠱᠠᠩᠨᠠᠯ ᠤᠨ ᠮᠧᠳᠠᠯ | ᠪᠠ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ | 4 ᠤ ᠡᠳᠦᠷ ᠵᠠᠯᠠᠨ ᠠᠶᠢᠯ ᠬᠤᠲᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠪᠥᠬᠦ | ᠬᠤᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠲᠥᠷᠥᠯ ᠵᠦᠢᠯ ᠤᠨ ᠡᠮᠦᠨᠡᠬᠢ | ᠬᠤᠭᠤᠴᠠᠭ᠎ᠠ᠂ ᠠᠵᠤ ᠠᠬᠤᠢ ᠶᠢᠨ ᠠᠵᠢᠯᠯᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠨ ᠭᠠᠵᠠᠷ ᠢ ᠵᠢᠭᠰᠠᠭᠠᠨ ᠪᠠᠶᠢᠴᠠᠭᠠᠬᠤ᠂ ᠵᠠᠬᠢᠳᠠᠯ | ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ | ᠱᠦᠵᠢ ᠪᠠᠢ ᡁᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠭᠠᠩ | ᠬᠤᠷᠠᠯ ᠢ ᠡᠷᠭᠢᠯᠡᠪᠡ᠃ ᠰᠦᠨ ᠰᠢᠸ ᠹᠧᠢ᠂ ᠵᠠᠩ ᠯᠢ ᠵᠢᠶᠦ᠋ᠨ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠸᠢᠳᠢᠤ᠋ ᠶᠢᠨ ᠬᠡᠯᠪᠡᠷᠢ ᠪᠠᠷ | ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | 5 ᠤ ᠡᠳᠦᠷ ᠠᠴᠠ 6 ᠤ ᠡᠳᠦᠷ ᠪᠣᠯᠲᠠᠯ᠎ᠠ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠴᠢ ᠳ᠋ᠢᠶᠠᠨ ᠯᠢ ᠨᠠᠷ ᠵᠠᠯᠠᠨ ᠠᠶᠢᠯ ᠬᠤᠲᠠ ᠳᠤ ᠬᠦᠷᠴᠦ᠂ ᠵᠠᠰᠠᠭ ᠤᠨ ᠣᠷᠳᠣᠨ ᠤ | ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ | ᠤᠷᠢᠳ ᠬᠤᠵᠢᠳ ᠵᠠᠯᠠᠨ ᠠᠶᠢᠯ ᠬᠤᠲᠠ ᠶᠢᠨ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠵᠠᠯᠠᠨ | ᠠᠶᠢᠯ ᠬᠤᠲᠠ ᠶᠢᠨ ᠡᠳᠦᠷ ᠲᠤ 10 ᠲᠣᠨ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ᠂ ᠰᠢᠨ᠎ᠡ ᠲᠣᠭᠤᠷᠢᠭ ᠤᠨ ᠪᠠᠭ᠎ᠠ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠯᠠᠨ | ᠠᠶᠢᠯ ᠬᠤᠳᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠠᠵᠢᠯ ᠢ ᠨᠤᠲᠠᠯᠠᠬᠤ ᠶᠢᠨ ᠬᠠᠮᠲᠤ ᠵᠢᠯᠤᠭᠤᠳᠬᠤ ᠰᠠᠨᠠᠯ ᠳᠤᠷᠠᠳᠪᠠ᠃ ᠬᠤᠳᠠ ᠶᠢᠨ ᠤᠳᠤᠷᠢᠳᠤᠯᠭ᠎ᠠ ᠰᠦᠨ ᠰᠢᠸ ᠹᠧᠢ᠂ ᠦ᠋ ᠴᠧᠨ ᠳ᠋ᠦᠩ᠂ | ᠯᠢᠦ ᠬᠤᠩ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | 8 ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ | ᠠᠬᠤᠢ ᠶᠢᠨ ᠠᠵᠢᠯᠯᠠᠭᠠᠨ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠮᠠᠯ ᠠᠵᠤ | ᠠᠬᠤᠢ ᠶᠢᠨ ᠰᠦ ᠶᠢᠨ ᠲᠥᠷᠥᠯ ᠤᠨ ᠭᠠᠷᠤᠯᠲᠠ᠂ ᠣᠶ ᠰᠢᠭᠤᠢ ᠶᠢᠨ ᠦᠢᠯᠡᠳᠬᠦᠨ ᠤ ᠥᠷᠲᠡᠭ᠂ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ ᠶᠢ | ᠬᠢᠵᠠᠭᠠᠷᠯᠠᠬᠤ᠂ ᠮᠥᠩᠭᠦᠨ ᠭᠦᠢᠯᠭᠡᠭᠡᠨ ᠤ ᠦᠢᠯᠡᠰ ᠤᠨ ᠬᠦᠦ ᠮᠥᠩᠭᠦ ᠶᠢᠨ ᠴᠡᠪᠡᠷ ᠣᠷᠣᠯᠭ᠎ᠠ ᠪᠠ ᠭᠠᠷ ᠭᠦᠢᠴᠡᠳᠬᠡᠯ ᠤᠨ ᠵᠠᠷᠤᠳᠠᠯ ᠵᠢᠴᠢ ᠦᠨ᠎ᠡ ᠵᠠᠰᠠᠬᠤ | ᠵᠣᠭᠤᠰ ᠤᠨ ᠴᠡᠪᠡᠷ ᠣᠷᠣᠯᠭ᠎ᠠ ᠵᠡᠷᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠨᠢᠭᠡᠳ ᠨᠢᠭᠡ ᠪᠠᠷ ᠰᠤᠳᠤᠯᠤᠨ ᠲᠣᠬᠢᠷᠠᠭᠤᠯᠪᠠ᠃ | 10 ᠤ ᠡᠳᠦᠷ ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 121 ᠳ᠋ᠦ᠋ᠭᠡᠷ | ᠤᠳᠠᠭᠠᠨ ᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ | ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠡᠷᠭᠢᠯᠡᠪᠡ᠃ | 11 ᠤ ᠡᠳᠦᠷ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ | ᠱᠦᠵᠢ ᠪᠠᠢ ᡁᠢ ᠵᠢᠶᠦ᠋ᠨ ᠡᠩ ᠤᠨ ᠨᠠᠮ ᠤᠨ ᠭᠡᠰᠢᠭᠦᠨ ᠤ ᠬᠤᠪᠢ ᠪᠠᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ | 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠠᠮ ᠤᠨ | ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠦᠬᠦ ᠨᠠᠮ ᠤᠨ ᠭᠡᠰᠢᠭᠦᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ | ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠪᠠᠢ ᡁᠢ ᠵᠢᠶᠦ᠋ᠨ ᠶᠠᠷᠢᠶ᠎ᠠ ᠶᠢ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠨ ᠨᠥᠬᠦᠳ ᠲᠠᠢ ᠰᠠᠨᠠᠯ ᠢᠶᠠᠨ | ᠭᠦᠨᠵᠡᠭᠡᠢ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᡂᠢ ᠯᠦᠩ ᠣᠷᠣᠯᠴᠠᠵᠠᠢ᠃ | ᠮᠥᠨ ᠡᠳᠦᠷ ᠲᠤ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ 2025 ᠣᠨ ᠤ ᠡᠲᠡᠭᠡᠳ ᠤᠨ ᠢᠯᠭᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠡᠲᠡᠭᠡᠳ ᠤᠨ ᠢᠯᠭᠠᠯ ᠤᠨ ᠳᠤᠭᠤᠶᠢᠯᠠᠩ ᠤᠨ ᠳᠠᠷᠤᠭ᠎ᠠ | ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠡᠲᠡᠭᠡᠳ ᠤᠨ ᠢᠯᠭᠠᠯ ᠤᠨ ᠠᠵᠢᠯ ᠢ ᠳᠡᠭᠡᠭᠰᠢᠯᠡᠭᠦᠯᠬᠦ ᠣᠨ︾ ᠤ ᠲᠥᠰᠥᠯ ᠲᠠᠢ | ᠬᠠᠷᠢᠴᠠᠭᠤᠯᠤᠨ᠂ ᠵᠠᠯᠠᠨ ᠠᠶᠢᠯ ᠬᠤᠲᠠ ᠶᠢᠨ ᠡᠲᠡᠭᠡᠳ ᠤᠨ ᠢᠯᠭᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠵᠢᠶᠦ᠋ᠨ ᠬᠤᠷᠠᠯ ᠡᠷᠭᠢᠯᠡᠵᠦ᠂ ᠳᠡᠳ᠋ ᠲᠡᠷᠢᠭᠦᠯᠡᠭᠴᠢ ᠯᠦ ᠶᠣᠣ᠂ ᠹᠠᠩ ᠫᠢᠩ᠂ ᠯᠢᠦ ᠷᠧᠨ | ᠳ᠋ᠧ᠂ ᠵᠢᠶᠣᠣ ᠵᠢᠶᠠᠨ ᠵᠢᠴᠢ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠡᠲᠡᠭᠡᠳ ᠤᠨ ᠢᠯᠭᠠᠯ ᠤᠨ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃ | 14 ᠤ ᠡᠳᠦᠷ ᠵᠠᠯᠠᠨ ᠠᠶᠢᠯ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2025 ᠣᠨ ᠤ ᠨᠢᠭᠡᠳᠦᠭᠡᠷ ᠤᠯᠠᠷᠢᠯ ᠤᠨ ᠪᠥᠬᠦ ᠭᠡᠰᠢᠭᠦᠳ ᠤᠨ ᠬᠤᠷᠠᠯ | ᠵᠢᠴᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠳᠡᠭᠡᠳᠦ ᠱᠠᠲᠤᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ᠂ ᠠᠵᠢᠯ ᠥᠷᠨᠢᠭᠦᠯᠦᠭᠰᠡᠨ ᠪᠠᠶᠢᠳᠠᠯ ᠢᠶᠠᠨ ᠮᠡᠳᠡᠭᠳᠡᠵᠦ᠂ ᠵᠠᠯᠠᠨ | ᠠᠶᠢᠯ ᠬᠤᠲᠠ ᠶᠢᠨ ᠠᠶᠤᠯᠭᠦᠢ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠭᠠᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠰᠢᠦᠢ ᠬᠤᠷᠠᠯ ᠡᠷᠭᠢᠯᠡᠪᠡ᠃ | 15 ᠤ ᠡᠳᠦᠷ ᠵᠠᠯᠠᠨ ᠠᠶᠢᠯ ᠬᠤᠳᠠ ︽ᠬᠠᠨᠤᠮᠵᠢᠲᠠᠢ ᠬᠡᠷᠡᠭᠯᠡᠭᠡ ᠶᠢ ᠬᠠᠮᠲᠤᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ | ᠬᠠᠮᠲᠤᠷᠠᠨ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠡᠷᠬᠡ ᠪᠠᠨ ᠬᠠᠮᠠᠭᠠᠯᠠᠬᠤ | ᠠᠷᠭ᠎ᠠ ᠮᠠᠶ᠋ᠢᠭ ᠪᠠ ᠠᠷᠭ᠎ᠠ ᠵᠠᠮ ᠢ ᠤᠬᠠᠭᠤᠯᠬᠤ ᠶᠢᠨ ᠬᠠᠮᠲᠤ ᠳᠠᠷᠤᠵᠤ ᠠᠪᠤᠭᠰᠠᠨ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠤᠰᠠᠳᠬᠠᠪᠠ᠃ ᠬᠤᠲᠠ ᠶᠢᠨ | ᠤᠳᠤᠷᠢᠳᠤᠯᠭ᠎ᠠ ᠭᠦᠸᠧ ᠫᠢᠩ᠂ ᠵᠠᠩ ᠴᠣᠸᠠᠨ ᠹᠦ᠋᠂ ᠹᠠᠩ ᠫᠢᠩ ᠠᠵᠢᠯᠯᠠᠭ᠎ᠠ ᠳᠤ ᠣᠷᠣᠯᠴᠠᠪᠠ᠃ | 17 ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ | ᠴᠡᠴᠡᠭ ᠰᠣᠨᠢᠷᠬᠠᠬᠤ ᠤᠯᠠᠷᠢᠯ ᠤᠨ ᠶᠢᠩ ᠱᠠᠨ ᠬᠤᠩ ᠰᠡᠯᠡᠭᠦᠴᠡᠯ ᠤᠨ ᠵᠢᠭᠤᠯᠴᠢᠯᠠᠯ ᠤᠨ ᠣᠷᠣᠨ ᠢ ᠪᠠᠶᠢᠭᠤᠯᠬᠤ ᠲᠥᠯᠥᠪᠯᠡᠭᠡ ᠵᠢᠴᠢ 2025 ᠣᠨ ᠤ ᠬᠠᠪᠤᠷ ᠤᠨ | ᠤᠯᠠᠷᠢᠯ ᠤᠨ ᠵᠢᠭᠤᠯᠴᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠮᠥᠨ ᠡᠳᠦᠷ ᠲᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠠᠩᠭᠢ ᠳᠠᠭᠠᠭᠤᠯᠤᠨ ᠬᠤᠪᠧᠢ ᠮᠤᠵᠢ ᠶᠢᠨ ᠵᠢᠩᠮᠧᠨ᠂ | ᠴᠠᠩᠱᠠ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠪᠡ᠃ | 19 ᠤ ᠡᠳᠦᠷ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ 3 ᠳ᠋ᠤᠭᠠᠷ ᠤᠳᠠᠭᠠᠨ ᠤ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠬᠤᠯᠪᠣᠭᠳᠠᠯ ᠪᠦᠬᠦᠢ ᠵᠥᠪᠯᠡᠬᠦ ᠰᠡᠳᠦᠪ ᠢ ᠰᠤᠳᠤᠯᠤᠨ ᠬᠢᠨᠠᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ | ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠧᠩ ᠭᠠᠩ ᠬᠤᠷᠠᠯ ᠡᠷᠭᠢᠯᠡᠪᠡ᠃ | ᠮᠥᠨ ᠡᠳᠦᠷ ᠲᠤ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ 2025 ᠣᠨ ᠤ 4 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ | ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠢᠶᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾ ᠵᠢᠴᠢ ︽ᠦᠨᠡᠨ︾ ᠰᠡᠳᠬᠦᠯ ᠳᠤ | ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ︽ᠠᠵᠤ ᠠᠬᠤᠢ ᠶᠢᠨ ᠠᠵᠢᠯ ᠢ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠵᠥᠪᠯᠡᠬᠦ ᠰᠡᠳᠦᠪ ᠢ ᠰᠤᠳᠤᠯᠤᠨ ᠬᠢᠨᠠᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠮᠧᠩ ᠭᠠᠩ ᠬᠤᠷᠠᠯ ᠡᠷᠭᠢᠯᠡᠪᠡ᠃ | ᠮᠥᠨ ᠡᠳᠦᠷ ᠲᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠭᠠᠩ ᠡᠩ ᠤᠨ ᠨᠠᠮ ᠤᠨ ᠭᠡᠰᠢᠭᠦᠨ ᠤ | ᠬᠤᠪᠢ ᠪᠠᠷ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠵᠤ᠂ ᠡᠯ᠎ᠡ ᠨᠠᠮ ᠤᠨ ᠳᠤᠭᠤᠶᠢᠯᠠᠩ ᠤᠨ ᠬᠢᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠵᠡᠢ᠃ | 24 ᠤ ᠡᠳᠦᠷ ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 122 ᠳ᠋ᠤᠭᠠᠷ | ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠵᠢᠵᠢᠭ | ᠬᠡᠷᠴᠢᠭᠦᠷ ᠤᠨ ︽ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ︾ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠵᠠᠯᠠᠨ ᠠᠶᠢᠯ ᠬᠤᠲᠠ ᠶᠢᠨ ᠬᠡᠷᠡᠭᠵᠢᠭᠦᠯᠬᠦ ᠲᠥᠰᠥᠯ ᠵᠢᠴᠢ ︽ᠬᠤᠲᠠ ᠶᠢᠨ ᠨᠠᠮ ᠤᠨ ᠬᠤᠷᠢᠶ᠎ᠠ ᠤᠯᠤᠰ ᠤᠨ ᠠᠮᠤᠷ ᠲᠦᠪᠰᠢᠨ ᠤ ᠵᠥᠪᠯᠡᠯ ᠤᠨ 2025 ᠣᠨ ᠤ | ᠠᠵᠢᠯ ᠤᠨ ᠭᠤᠣᠯᠳᠠᠯᠭ᠎ᠠ︾ ︽ᠬᠤᠲᠠ ᠶᠢᠨ ᠨᠠᠮ ᠤᠨ ᠬᠤᠷᠢᠶ᠎ᠠ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠳᠦᠷᠢᠮ︾ ︽ᠬᠤᠲᠠ ᠶᠢᠨ ᠨᠠᠮ ᠤᠨ | ᠬᠤᠷᠢᠶ᠎ᠠ ᠶᠢᠨ ᠥᠭᠡᠷᠡᠴᠢᠯᠡᠯᠲᠡ ᠶᠢᠨ ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾ ︽ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ︾ ︽2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾ ᠵᠡᠷᠭᠡ ᠪᠢᠴᠢᠭ | ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃ | ᠮᠥᠨ ᠡᠳᠦᠷ ᠲᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ | ᠂ ᠲᠡᠮᠦᠷ ᠵᠠᠮ ᠤᠨ ᠪᠣᠳᠠᠰ ᠤᠨ ᠬᠤᠯᠪᠣᠭ᠎ᠠ ᠶᠢᠨ ᠭᠠᠷᠠᠮ ᠵᠢᠴᠢ ᠲᠡᠦᠬᠡ ᠰᠣᠶᠣᠯ ᠠᠷᠠᠯᠵᠢᠶ᠎ᠠ ᠬᠤᠳᠠᠯᠳᠤᠭᠠᠨ ᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ | ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | 25 ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠠᠵᠢᠯᠲᠠᠨ ᠤ ᠣᠷᠣᠨ ᠲᠤᠭ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠤ᠂ ᠬᠠᠮᠢᠶ᠎ᠠ ᠪᠦᠬᠦᠢ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 26 ᠤ ᠡᠳᠦᠷ ᠠᠴᠠ 27 ᠤ ᠡᠳᠦᠷ ᠪᠣᠯᠲᠠᠯ᠎ᠠ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ᠃ ᠨᠣᠮ ᠤᠩᠰᠢᠬᠤ ᠠᠩᠭᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ | ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠸᠢᠳᠢᠤ᠋ ᠶᠢᠨ ᠬᠡᠯᠪᠡᠷᠢ ᠪᠠᠷ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ ᠬᠥᠯᠥᠨ ᠪᠤᠶᠢᠷ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ | ᠰᠤᠷᠤᠯᠴᠠᠯᠭ᠎ᠠ ᠶᠢ ᠡᠷᠭᠢᠯᠡᠪᠡ᠃ | 28 ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠭᠤᠣᠯᠳᠠᠯᠭ᠎ᠠ ᠲᠠᠢ ᠠᠵᠢᠯ ᠤᠨ ᠲᠤᠰᠬᠠᠢ ᠰᠡᠳᠦᠪᠲᠦ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠲᠤᠰᠬᠠᠢ ᠰᠡᠳᠦᠪᠲᠦ | ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠮᠥᠨ ᠡᠳᠦᠷ ᠲᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ | ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ | ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠲᠣᠰ ᠡᠳᠦᠷ ᠵᠠᠯᠠᠨ ᠠᠶᠢᠯ ᠬᠤᠲᠠ 2025 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠷᠢᠰ ᠴᠢᠬᠤᠯᠠ ᠬᠤᠷᠠᠯ ᠤᠨ ᠵᠣᠷᠢᠭ ᠰᠠᠨᠠᠭ᠎ᠠ ᠵᠢᠴᠢ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠭᠤᠣᠯ | ᠤᠳᠤᠷᠢᠳᠤᠯᠭ᠎ᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠬᠥᠬᠢᠭᠦᠯᠦᠨ | ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠱᠠᠩᠨᠠᠯ ᠣᠯᠣᠭᠰᠠᠨ ᠬᠠᠮᠲᠤ ᠨᠡᠶᠢᠲᠡ ᠪᠠ ᠬᠤᠪᠢ ᠬᠥᠮᠥᠨ ᠳᠤ ᠱᠠᠩᠨᠠᠯ ᠭᠠᠷᠳᠠᠭᠤᠯᠪᠠ᠃ ᠬᠤᠳᠠ ᠶᠢᠨ | ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠦ ᠸᠧᠨ ᠹᠧᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠷᠠᠯ ᠨᠢ ᠸᠢᠳᠢᠤ᠋ ᠶᠢᠨ ᠬᠡᠯᠪᠡᠷᠢ ᠪᠠᠷ ᠦᠨᠳᠦᠰᠦᠨ ᠱᠠᠲᠤᠨ ᠤ ᠠᠩᠭᠢ ᠶᠢᠨ ᠭᠠᠵᠠᠷ ᠲᠤ ᠶᠠᠪᠤᠭᠳᠠᠪᠠ᠃ | 30 ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ᠂ ᠬᠠᠪᠤᠷ ᠤᠨ ᠵᠢᠭᠤᠯᠴᠢᠯᠠᠯ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ | ᠲᠠᠯᠠᠪᠤᠷ ᠲᠤ ᠠᠵᠢᠯᠯᠠᠪᠠ᠃ | 31 ᠤ ᠡᠳᠦᠷ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠡᠲᠡᠭᠡᠳ ᠤᠨ ᠢᠯᠭᠠᠯ ᠤᠨ ᠠᠵᠢᠯ ᠢ ᠳᠡᠭᠡᠭᠰᠢᠯᠡᠭᠦᠯᠬᠦ ᠣᠨ ᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠵᠢᠴᠢ ᠡᠲᠡᠭᠡᠳ ᠤᠨ ᠢᠯᠭᠠᠯ ᠤᠨ ᠭᠡᠰᠢᠭᠦᠳ ᠤᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠬᠤ ᠬᠤᠷᠠᠯ | ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠵᠢᠶᠦ᠋ᠨ᠂ ᠳᠡᠳ᠋ ᠲᠡᠷᠢᠭᠦᠯᠡᠭᠴᠢ ᠯᠦ ᠶᠣᠣ᠂ ᠹᠠᠩ ᠫᠢᠩ᠂ ᠯᠢᠦ ᠷᠧᠨ | ᠳ᠋ᠧ᠂ ᠵᠢᠶᠣᠣ ᠵᠢᠶᠠᠨ ᠬᠤᠷᠠᠯ ᠳᠤ ᠣᠷᠣᠯᠴᠠᠵᠠᠢ᠃ | | |