ᠰᠢᠩ ᠬᠤᠸᠠ ᠵᠡᠭᠡᠯᠢ ᠭᠤᠳᠤᠮᠵᠢ᠄ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠨ᠎ᠡ
ᠨᠡᠶᠢᠲᠡᠯᠡᠭᠰᠡᠨ ᠴᠠᠭ᠄
2025/5/15
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠯᠤᠰ ᠤᠨ ᠮᠡᠳᠡᠷᠡᠯ᠂ ᠦᠨᠳᠦᠰᠦᠲᠡᠨ ᠤ ᠠᠭᠤᠰᠤᠯᠴᠠᠯ ᠤᠨ ᠰᠡᠳᠬᠢᠯᠭᠡ ᠶᠢᠨ ᠬᠤᠯᠪᠣᠭᠠᠰᠤ ᠮᠥᠨ᠂ ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠮᠥᠨ᠂ ᠳᠤᠮᠳᠠᠳᠤ ᠶᠢᠨ ᠦᠨᠳᠦᠰᠦᠲᠡᠨ ᠤ ᠥᠨᠢᠳᠡ ᠪᠠᠯᠠᠷᠠᠰᠢ ᠦᠭᠡᠢ᠂ ᠦᠷᠭᠦᠯᠵᠢᠯᠡᠨ ᠬᠥᠭᠵᠢᠬᠦ ᠶᠢᠨ ᠬᠦᠴᠦᠨ ᠴᠢᠳᠠᠯ ᠤᠨ ᠡᠬᠢ ᠰᠤᠷᠪᠤᠯᠵᠢ ᠮᠥᠨ᠃ ᠣᠶᠢᠷ᠎ᠠ ᠶᠢᠨ ᠵᠢᠯ ᠠᠴᠠ᠂ ᠰᠢᠩ  ᠬᠤᠸᠠ ᠵᠡᠭᠡᠯᠢ ᠭᠤᠳᠤᠮᠵᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠴᠣᠭᠴᠠᠯᠠᠬᠤ ᠪᠠᠷ ᠭᠤᠣᠯᠳᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠳᠡᠯᠭᠡᠷᠡᠭᠦᠯᠵᠡᠢ᠃    ᠨᠢᠭᠡ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠥᠨᠳᠥᠷᠴᠡ ᠶᠢ ᠳᠡᠭᠡᠭᠰᠢᠯᠡᠭᠦᠯᠦᠨ᠎ᠡ    ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠭᠤᠷᠪᠠᠨ ᠬᠤᠷᠠᠯ ᠨᠢᠭᠡ ᠬᠢᠴᠢᠶᠡᠯ︾  ᠭᠤᠣᠯ ᠰᠡᠳᠦᠪᠲᠦ ᠨᠠᠮ ᠤᠨ ᠡᠳᠦᠷ ᠢᠶᠠᠷ ᠠᠴᠢᠶᠠᠯᠠᠪᠤᠷᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠶᠢ ᠨᠠᠮ ᠤᠨ ᠭᠡᠰᠢᠭᠦᠨ ᠺᠠᠳ᠋ᠷᠴᠤᠳ ᠤᠨ ᠪᠠᠶᠢᠩᠭᠤ ᠶᠢᠨ ᠬᠥᠮᠦᠵᠢᠯ ᠳᠤ ᠠᠭᠤᠰᠤᠯᠴᠠᠭᠤᠯᠬᠤ ᠬᠡᠷᠡᠭᠲᠡᠢ᠃ ᠰᠤᠷᠤᠯᠴᠠᠬᠤ ᠶᠠᠪᠤᠴᠠ ᠳᠤ᠂ ᠣᠨᠣᠯ ᠢ ᠪᠣᠳᠠᠲᠠᠢ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ᠂ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠪᠠ ᠬᠡᠷᠡᠭᠯᠡᠯᠲᠡ ᠶᠢ ᠬᠠᠮᠲᠤ ᠪᠠᠷ ᠡᠳ᠋ᠯᠡᠬᠦ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠦᠨᠳᠦᠰᠦᠲᠡᠨ ᠤ ᠠᠵᠢᠯ ᠤᠨ ᠰᠢᠨ᠎ᠡ ᠰᠡᠳᠬᠢᠴᠡ ᠪᠠ ᠰᠢᠨ᠎ᠡ ᠠᠷᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠵᠢᠯᠲᠠᠳ ᠢ ᠵᠣᠬᠢᠶᠠᠨ ᠪᠠᠶᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠠᠵᠢᠯ ᠤᠨ ᠡᠯ᠎ᠡ ᠲᠥᠷᠥᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠬᠤᠶᠠᠷ᠂ ᠣᠯᠠᠨ ᠶᠠᠩᠵᠤ ᠶᠢᠨ ᠤᠬᠠᠭᠤᠯᠬᠤ ᠠᠷᠭ᠎ᠠ ᠶᠢ ᠠᠪᠴᠤ᠂ ᠪᠦᠯᠬᠦᠮᠳᠡᠯ ᠤᠨ ᠬᠦᠴᠦᠨ ᠢ ᠨᠢᠭᠲᠠᠷᠠᠭᠤᠯᠤᠨ᠎ᠠ    ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠴᠦ᠂ ᠤᠯᠠᠮᠵᠢᠯᠠᠨ ᠲᠠᠷᠬᠠᠭᠠᠬᠤ ᠠᠭᠤᠯᠭ᠎ᠠ ᠶᠢ ᠪᠠᠶᠠᠯᠢᠭᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠵᠢᠵᠢᠭ ᠲᠣᠭᠤᠷᠢᠭ ᠤᠨ ᠠᠭᠤᠳᠠᠮ ᠲᠠᠯᠠᠪᠠᠶ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ ᠣᠯᠠᠨ ᠶᠠᠩᠵᠤ ᠶᠢᠨ ᠤᠬᠠᠭᠤᠯᠭ᠎ᠠ ᠶᠢᠨ ᠠᠷᠭ᠎ᠠ ᠪᠠᠷᠢᠯ ᠵᠢᠴᠢ ᠠᠵᠢᠯᠯᠠᠭ᠎ᠠ ᠶᠢ ᠬᠡᠷᠡᠭᠯᠡᠨ ᠤᠬᠠᠭᠤᠯᠤᠨ᠎ᠠ ᠃ ᠡᠭᠦᠨ ᠤ ᠵᠡᠷᠭᠡ ᠳᠤ᠂ ᠬᠠᠷᠢᠶ᠎ᠠ ᠣᠷᠣᠨ ᠤ ᠨᠠᠰᠤᠲᠠᠶᠢᠴᠤᠳ ᠨᠡᠯᠢᠶᠡᠳ ᠣᠯᠠᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ︽ᠰᠠᠨᠳᠠᠯᠢ ᠬᠢᠴᠢᠶᠡᠯ ᠤᠨ ᠲᠠᠩᠬᠢᠮ︾  ᠢ ᠰᠢᠨ᠎ᠡ ᠪᠠᠷ ᠥᠷᠨᠢᠭᠦᠯᠵᠦ᠂ ᠰᠦᠯᠵᠢᠶᠡᠨ ᠤ ᠠᠵᠢᠯᠲᠠᠨ ᠤᠬᠠᠭᠤᠯᠭ᠎ᠠ  ᠶᠢᠨ ᠵᠢᠭᠰᠠᠭᠠᠯ ᠤᠨ ᠭᠠᠵᠠᠷ  ᠢ ᠤᠷᠤᠭᠰᠢ ᠰᠢᠯᠵᠢᠭᠦᠯᠵᠦ᠂ ᠣᠯᠠᠨ ᠲᠦᠮᠡᠨ ᠴᠤᠭᠯᠠᠷᠠᠭᠰᠠᠨ ᠭᠠᠵᠠᠷ ᠲᠤ ᠬᠦᠷᠴᠦ ᠣᠯᠠᠨ ᠲᠦᠮᠡᠨ ᠲᠠᠢ ᠣᠶᠢᠷᠠᠲᠤᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ︽ᠠᠯᠪᠠᠨ ᠤ ᠦᠭᠡ︾  ᠶᠢ ︽ᠶᠠᠷᠢᠶᠠᠨ ᠤ ᠦᠭᠡ︾ ᠪᠣᠯᠭᠠᠵᠤ᠂ ︽ᠪᠢᠴᠢᠭ ᠮᠠᠲ᠋ᠧᠷᠢᠶᠠᠯ ᠤᠨ ᠦᠭᠡ︾  ᠶᠢ ︽ᠡᠩ ᠤᠨ ᠦᠭᠡ︾ ᠪᠣᠯᠭᠠᠨ ᠬᠤᠪᠢᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ  ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠠᠮ ᠤᠨ ᠠᠴᠢ  ᠶᠢ ᠮᠡᠳᠡᠷᠡᠭᠦᠯᠵᠦ᠂ ᠨᠠᠮ ᠤᠨ ᠦᠭᠡ  ᠶᠢ ᠰᠣᠨᠣᠰᠴᠤ᠂ ᠨᠠᠮ  ᠢ ᠳᠠᠭᠠᠬᠤ ᠪᠣᠯᠭᠠᠵᠠᠢ᠃    ᠭᠤᠷᠪᠠ᠂ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠶᠤᠨ ᠰᠠᠨᠠᠭᠠᠨ ᠤ ᠭᠡᠷ ᠣᠷᠣᠨ ᠢ  ᠪᠠᠶᠢᠭᠤᠯᠣᠨ᠎ᠠ    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠬᠤᠪᠢᠰᠬᠠᠯᠲᠤ ᠰᠣᠶᠣᠯ ᠢ ᠪᠠᠳᠠᠷᠠᠭᠤᠯᠬᠤ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠰᠢᠨ᠎ᠡ ᠵᠢᠯ᠂ ᠴᠠᠭᠠᠨ ᠰᠠᠷ᠎ᠠ ᠵᠡᠷᠭᠡ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ ︽ᠮᠠᠨ ᠤ ᠪᠠᠶᠠᠷ ᠤᠨ ᠡᠳᠦᠷ︾ ᠭᠡᠬᠦ ᠰᠢᠷᠢᠰ ᠠᠵᠢᠯᠯᠠᠭ᠎ᠠ ᠶᠢ ᠡᠷᠬᠢᠯᠡᠵᠦ᠂ ᠡᠯ᠎ᠡ ᠲᠦᠷᠦᠯ ᠤᠨ ᠵᠠᠩ ᠦᠢᠯᠡ ᠶᠢᠨ ᠣᠶᠢᠯᠠᠭᠠᠯᠲᠠ ᠶᠢᠨ ᠳᠤᠮᠳᠠ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠢ ᠮᠡᠳᠡᠷᠡᠭᠦᠯᠦᠨ᠎ᠡ᠃ ︽ᠬᠠᠩᠰᠢ ᠶᠢᠨ ᠡᠳᠦᠷ︾᠂ ︽ᠲᠤᠯᠤᠭᠠᠨ ᠰᠠᠷ᠎ᠠ ᠶᠢᠨ ᠨᠢᠭᠡᠨ︾᠂ ︽ᠤᠯᠤᠰ ᠤᠨ ᠪᠠᠶᠠᠷ︾ ᠵᠡᠷᠭᠡ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ ᠠᠭᠤᠤ ᠶᠡᠭᠡ ᠡᠬᠡ ᠤᠯᠤᠰ ᠢᠶᠠᠨ ᠮᠠᠭᠲᠠᠨ ᠳᠠᠭᠤᠯᠠᠬᠤ᠂ ᠥᠭᠡᠷᠡᠴᠢᠯᠡᠯᠲᠡ ᠨᠡᠭᠡᠭᠡᠯᠲᠡ ᠶᠢᠨ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠠᠴᠠ ᠤᠶᠤᠨ ᠰᠠᠨᠠᠭᠠᠨ ᠤ ᠬᠦᠴᠦᠨ ᠴᠢᠳᠠᠯ ᠣᠯᠭᠤᠨ᠎ᠠ᠃ ᠣᠯᠠᠨ ᠲᠦᠮᠡᠨ ᠤ ᠣᠶᠣᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠬᠠᠩᠭᠠᠵᠤ᠂ ᠬᠤᠭᠤᠷᠣᠨᠳᠣᠬᠢ ᠣᠶᠢᠯᠠᠭᠠᠯᠴᠠᠭ᠎ᠠ ᠪᠠ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃    ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾᠂ ᠳᠠᠷᠠᠭᠠᠴᠢ ᠶᠢᠨ ᠠᠯᠬᠤᠮ ᠳᠤ᠂ ᠰᠢᠩ  ᠬᠤᠸᠠ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠬᠦᠴᠦᠯᠡᠵᠦ᠂ ᠦᠨᠳᠦᠰᠦᠲᠡᠨ ᠤ ᠪᠦᠯᠬᠦᠮᠳᠡᠯ ᠤᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ ᠢ ᠡᠯ᠎ᠡ ᠵᠦᠢᠯ ᠤᠨ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠶᠡᠭᠡ ᠭᠡᠷ ᠪᠦᠯᠢ ᠪᠣᠯᠭᠠᠨ ᠪᠦᠲᠦᠭᠡᠨ ᠪᠠᠶᠢᠭᠤᠯᠤᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ