︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠵᠡᠷᠭᠡᠪᠡᠷ ᠬᠦᠴᠦᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ  ᠬᠤᠤ ᠷᠣᠣ ᠱᠠᠨ ᠪᠠᠯᠭᠠᠰᠤ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2025/5/15
     ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠡᠪᠳᠡᠭᠰᠡᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠣ ᠷᠣᠣ ᠱᠠᠨ ᠪᠠᠯᠭᠠᠰᠤ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠨ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠶᠢ ᠬᠠᠷᠢᠯᠴᠠᠨ ᠤᠶᠠᠯᠳᠤᠭᠤᠯᠤᠭᠰᠠᠨ ᠪᠣᠰᠤᠭ᠎ᠠ ᠴᠣᠭᠴᠠᠲᠤ ᠤᠬᠠᠭᠤᠯᠭ᠎ᠠ ᠶᠢᠨ ᠵᠠᠭᠪᠤᠷ ᠢ ᠬᠡᠷᠡᠭᠯᠡᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ᠂ ᠣᠯᠠᠨ ᠲᠠᠯ᠎ᠠ  ᠠᠴᠠ ᠥᠷᠨᠢᠭᠦᠯᠵᠦ᠂ ᠣᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃    ᠰᠦᠯᠵᠢᠶᠡᠨ ᠳᠡᠭᠡᠷᠡᠬᠢ ᠵᠢᠭᠰᠠᠭᠠᠯ  ᠤᠨ ᠮᠠᠶ᠋ᠢᠭ ᠢᠶᠠᠷ ᠴᠣᠣᠷᠢᠶᠠᠲᠣᠵᠣ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠳᠡᠮ ᠪᠦᠷᠬᠦᠭᠦᠯᠪᠡ᠃ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠤᠨ ᠸᠢᠴᠠᠲ᠂ ᠨᠠᠶᠢᠵᠠ ᠶᠢᠨ ᠲᠣᠭᠤᠷᠢᠭ ᠵᠡᠷᠭᠡ ᠠᠷᠭ᠎ᠠ ᠵᠠᠮ ᠢᠶᠠᠷ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠵᠣᠬᠢᠶᠠᠯ ᠪᠠ ᠸᠢᠳᠢᠤ᠋ ᠨᠡᠶᠢᠲᠡᠯᠡᠵᠦ᠂ ᠥᠷᠭᠡᠨ ᠣᠯᠠᠨ ᠲᠦᠮᠡᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ᠶᠢ ᠬᠦᠷᠭᠡᠨ ᠥᠭᠴᠦ᠂ ᠣᠯᠠᠨ ᠲᠦᠮᠡᠨ ᠢ ᠭᠡᠷ ᠠᠴᠠ ᠪᠠᠨ ᠭᠠᠷᠬᠤ ᠦᠭᠡᠢ ᠪᠠᠷ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠬᠦ ᠶᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠭᠦᠢᠴᠡᠳ ᠣᠶᠢᠯᠠᠭᠠᠭᠤᠯᠬᠤ ᠶᠢᠨ ᠬᠠᠮᠲᠤ ᠶᠠᠯ᠎ᠠ ᠬᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠰᠬᠤᠨ ︵ᠰᠠᠭᠤᠭᠠᠯᠢ ᠠᠷᠠᠳ︶ ᠤ ᠮᠡᠳᠡᠭᠡ ᠵᠠᠩᠭᠢ ᠶᠢᠨ ᠰᠣᠯᠢᠯᠴᠠᠭᠠᠨ ᠤ ᠪᠦᠯᠦᠭ ᠲᠤ ᠵᠡᠷᠭᠡ ᠳᠤᠨᠢ  ᠳᠠᠮᠵᠢᠭᠤᠯᠵᠤ᠂ ᠡᠯ᠎ᠡ ᠲᠣᠰᠬᠤᠨ ︵ᠰᠠᠭᠤᠭᠠᠯᠢ ᠠᠷᠠᠳ︶ ᠤ ᠳᠠᠮᠵᠢᠭᠤᠯᠤᠨ ᠲᠠᠷᠬᠠᠭᠠᠭᠰᠠᠨ ᠤᠬᠠᠭᠤᠯᠭ᠎ᠠ ᠶᠢᠨ ᠮᠡᠳᠡᠭᠡ ᠵᠠᠩᠭᠢ ᠨᠡᠶᠢᠲᠡ 80 ᠭᠠᠷᠤᠢ ᠵᠤᠷᠪᠤᠰ ᠪᠠᠶᠢᠵᠤ᠂ ᠪᠥᠬᠦ ᠪᠠᠯᠭᠠᠰᠤᠨ ᠤ ᠬᠡᠪᠴᠢᠶᠡᠨ ᠳᠤ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠬᠦ ᠶᠢ ᠴᠠᠭᠠᠵᠠᠯᠠᠬᠤ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠪᠠ᠃    ᠰᠦᠯᠵᠢᠶᠡᠨ ᠠᠴᠠ  ᠭᠠᠳᠠᠨᠠᠬᠢ ᠪᠡᠶᠡᠲᠦ ᠴᠣᠭᠴᠠ ᠶᠢᠨ ᠨᠡᠪᠴᠢᠯᠲᠡ ᠨᠢ ᠬᠥᠮᠥᠰ ᠤᠨ ᠰᠡᠳᠬᠢᠯ ᠳᠤ ᠭᠦᠨ ᠰᠠᠭᠤᠭᠳᠠᠬᠤ ᠶᠢ ᠬᠠᠮᠠᠭᠠᠯᠠᠨ᠎ᠠ᠃ ᠪᠠᠯᠭᠠᠰᠤ ᠲᠣᠰᠬᠤᠨ ᠤ ᠺᠠᠳ᠋ᠷᠴᠤᠳ ᠢ ᠲᠠᠶᠢᠴᠢᠯᠠᠨ ︽ᠡᠷᠤᠭᠡ ᠳᠤ ᠬᠦᠷᠴᠦ ᠰᠤᠷᠪᠤᠯᠵᠢᠯᠠᠬᠤ + ᠨᠢᠭᠤᠷᠳᠠᠨ ᠤᠬᠠᠭᠤᠯᠤᠨ ᠲᠠᠶᠢᠯᠪᠤᠷᠢᠯᠠᠬᠤ︾ ᠬᠡᠯᠪᠡᠷᠢ ᠪᠠᠷ ᠤᠯᠠᠨ ᠲᠦᠮᠡᠨ ᠳᠤ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠮᠡᠳᠡᠯᠭᠡ ᠵᠢᠴᠢ ᠲᠡᠭᠦᠨ ᠤ ᠴᠢᠬᠤᠯᠠ ᠠᠴᠢ ᠬᠤᠯᠪᠣᠭᠳᠠᠯ ᠢ ᠲᠦᠭᠡᠮᠡᠯᠵᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠡᠬᠢ ᠪᠠᠶᠠᠯᠢᠭ ᠢ ᠠᠰᠢᠭᠯᠠᠬᠤ ᠪᠠ ᠬᠠᠮᠠᠭᠠᠯᠠᠬᠤ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠠᠰᠠᠭᠤᠯᠲᠠ ᠬᠠᠷᠢᠭᠤᠯᠵᠤ᠂ ᠡᠯ᠎ᠡ ᠲᠣᠰᠬᠤᠨ ᠤ ᠰᠠᠭᠤᠭᠠᠯᠢ ᠠᠷᠠᠳ ᠨᠡᠶᠢᠳᠡ 90 ᠭᠠᠷᠤᠢ ᠭᠤᠣᠯᠳᠠᠯᠭ᠎ᠠ ᠲᠠᠢ ᠬᠠᠮᠲᠤᠯᠢᠭ ᠢ ᠰᠤᠷᠪᠤᠯᠵᠢᠯᠠᠵᠤ᠂ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠡᠭᠦᠨ ᠤ ᠬᠠᠮᠲᠤ᠂ ᠬᠡᠷᠡᠭ ᠲᠤ ᠬᠤᠯᠪᠣᠭᠳᠠᠭᠰᠠᠨ ᠪᠦᠬᠦ ᠬᠥᠮᠥᠰ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠤ ᠣᠷᠣᠯᠴᠠᠭᠤᠯᠵᠤ᠂ ᠬᠡᠷᠡᠭ ᠢᠶᠠᠷ ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ 14 ᠡᠷᠦᠬᠡ  ᠶᠢᠨ ᠦᠵᠡᠯ ᠰᠠᠨᠠᠭ᠎ᠠ ᠶᠢ ᠬᠤᠪᠢᠷᠠᠭᠤᠯᠬᠤ ᠶᠢ ᠬᠥᠲᠥᠯᠥᠨ ᠵᠢᠯᠣᠭᠤᠳᠪᠠ᠃ ᠡᠭᠦᠨ ᠠᠴᠠ ᠭᠠᠳᠠᠨ᠎ᠠ᠂ ᠪᠠᠯᠭᠠᠰᠤᠨ ᠤ ᠲᠣᠭᠤᠷᠢᠭ ᠵᠢᠴᠢ ᠡᠯ᠎ᠡ ᠲᠣᠰᠬᠤᠨ ︵ᠣᠷᠣᠨ ᠰᠠᠭᠤᠴᠠ︶ ᠤ ᠴᠢᠬᠤᠯᠠ ᠪᠠᠶᠢᠷᠢᠨ ᠳᠤ 22 ᠬᠥᠨᠳᠡᠯᠡᠨ ᠪᠢᠴᠢᠭᠡᠰᠦ ᠲᠠᠢ ᠯᠣᠽᠦ᠋ᠩ ᠡᠯᠭᠦᠵᠦ᠂ ︽ᠨᠢᠭᠤᠷᠲᠠᠨ ᠵᠣᠯᠭᠠᠬᠤ︾ ᠪᠠ ︽ᠣᠯᠵᠤ ᠬᠠᠷᠠᠬᠤ︾ ᠯᠣᠽᠦ᠋ᠩ ᠡᠯᠭᠦᠬᠦ ᠪᠠᠷ ᠳᠡᠮᠵᠢᠨ᠂ ᠮᠠᠯᠴᠢᠨ ᠲᠠᠷᠢᠶᠠᠴᠢᠨ ᠢ ᠵᠥᠪ ᠣᠨᠣᠪᠴᠢᠲᠠᠶ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠲᠠᠢ ᠪᠣᠯᠭᠠᠬᠤ ᠪᠠᠷ ᠬᠥᠲᠥᠯᠥᠨ  ᠵᠢᠯᠣᠭᠤᠳᠪᠠ᠃   ᠳᠠᠷᠠᠭᠠᠴᠢ ᠶᠢᠨ ᠠᠯᠬᠤᠮ ᠳᠤ᠂ ᠬᠤᠤ ᠷᠣᠣ ᠱᠠᠨ ᠪᠠᠯᠭᠠᠰᠤ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠳᠤ ︽ᠠᠮᠢ ᠠᠬᠤᠢ ᠶᠢ ᠰᠠᠬᠢᠨ ᠬᠠᠮᠠᠭᠠᠯᠠᠬᠤ ᠪᠣᠯ ᠳᠠᠷᠤᠢ ᠭᠡᠷ ᠣᠷᠣᠨ ᠢᠶᠠᠨ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠦᠨᠡᠨᠬᠦ ᠳᠠᠮᠵᠢᠭᠤᠯᠵᠤ᠂ ᠥᠷᠭᠡᠨ ᠤᠯᠠᠨ ᠲᠦᠮᠡᠨ ᠢ ︽ᠬᠠᠵᠠᠭᠤ ᠠᠴᠠ ᠬᠠᠷᠠᠭᠴᠢ︾ ᠪᠠᠶᠢᠭᠰᠠᠨ ᠠᠴᠠ ᠪᠠᠨ ︽ᠠᠵᠢᠯᠯᠠᠭᠴᠢ︾ ᠪᠣᠯᠭᠠᠨ ᠬᠤᠪᠢᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ