ᠬᠥᠬᠡᠮᠳᠦᠭ ᠸᠠᠭᠠᠷ ᠴᠠᠭᠠᠨ ᠬᠡᠷᠡᠮ ᠨᠡᠷᠡᠨ ᠤ ᠲᠤᠶᠠᠭᠠᠨ ᠳᠤ ᠲᠤᠨᠤᠷᠠᠵᠤ᠂ ᠵᠡᠭᠡᠯᠢ ᠭᠤᠳᠤᠮᠵᠢ ᠴᠡᠪᠡᠷ ᠴᠡᠮᠴᠡᠭᠡᠷ ᠰᠢᠨ᠎ᠡ ᠳᠦᠷᠰᠦ ᠪᠠᠶᠢᠳᠠᠯ ᠲᠠᠢ ᠬᠠᠷᠠᠭᠳᠠᠨ᠎ᠠ᠃ | 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢ ᠥᠷᠨᠢᠭᠦᠯᠦᠭᠰᠡᠨ ᠠᠴᠠ ᠨᠠᠰᠢ᠂ ᠳᠠᠭᠤᠷ ᠦᠨᠳᠦᠰᠦᠲᠡᠨ ᠤ ᠰᠢᠶᠠᠩ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠨ᠎ᠡ ᠬᠠᠭᠤᠳᠠᠰᠤ ᠡᠷᠡᠭᠦᠯ ᠮᠡᠨᠳᠤ ︽ᠰᠡᠳᠬᠢᠯ︾ ᠠᠮᠢᠳᠤᠷᠠᠯ ᠤᠨ | ᠠᠵᠢᠯᠯᠠᠭ᠎ᠠ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ ᠨᠢᠭᠡᠳᠦᠯᠲᠡᠢ ᠲᠥᠯᠥᠪᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠡᠪᠦᠯᠵᠢᠭᠰᠡᠨ ᠬᠤᠭ | ᠨᠣᠪᠰᠢ᠂ ᠬᠠᠪᠤᠷ ᠤᠨ ᠲᠠᠷᠢᠶᠠᠯᠠᠭ᠎ᠠ ᠶᠢᠨ ᠬᠤᠭ ᠨᠣᠪᠰᠢ ᠪᠠᠷ ᠭᠤᠣᠯᠳᠠᠯᠭ᠎ᠠ ᠪᠣᠯᠭᠠᠭᠰᠠᠨ ᠶᠡᠭᠡ ᠴᠡᠪᠡᠷᠯᠡᠯᠲᠡ᠂ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ | ᠥᠷᠨᠢᠭᠦᠯᠵᠦ᠂ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠴᠡᠪᠡᠷ ᠴᠡᠮᠴᠡᠭᠡᠷ ᠠᠮᠢ | ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ | ᠨᠢᠭᠡ᠂ ᠪᠣᠭᠤᠮᠲᠠ ᠰᠢᠪᠲᠤᠯᠵᠤ ︽ᠠᠷᠬᠠᠭ ᠭᠡᠮ︾ ᠢ ᠵᠠᠰᠠᠵᠤ᠂ ᠲᠣᠰᠬᠤᠨ ᠤ ᠳᠦᠷᠰᠦ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠨ᠎ᠠ | ᠨᠢᠭᠡ ᠳᠤ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠪᠣᠯᠣᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢᠶᠠᠷ ᠭᠠᠷᠳᠠᠴᠠ | ᠪᠣᠯᠭᠠᠵᠤ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠪᠠᠶᠢᠰᠢᠩ ᠤᠨ ᠠᠷᠤ ᠲᠠᠯ᠎ᠠ᠂ ᠵᠠᠮ ᠤᠨ ᠬᠤᠶᠠᠷ ᠲᠠᠯ᠎ᠠ᠂ ᠭᠤᠤ ᠰᠤᠪᠠᠭ ᠤᠨ ᠨᠠᠭᠤᠷ ᠴᠥᠭᠦᠷᠥᠮ ᠵᠡᠷᠭᠡ | ᠭᠠᠵᠠᠷ ᠣᠷᠣᠨ ᠤ ᠡᠯᠳᠡᠪ ᠶᠠᠭᠤᠮ᠎ᠠ᠂ ᠪᠤᠵᠠᠷ ᠡᠪᠡᠰᠦ᠂ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠥᠨᠴᠥᠭ ᠪᠤᠯᠤᠩ ᠦᠭᠡᠢ ᠠᠷᠢᠭᠤᠨ ᠴᠡᠪᠡᠷ ᠪᠣᠯᠭᠠᠬᠤ | ᠬᠡᠷᠡᠭᠲᠡᠢ᠃ ᠬᠤᠶᠠᠷ ᠲᠤ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠵᠤ᠂ ᠬᠠᠷᠢᠶ᠎ᠠ ᠣᠷᠣᠨ ᠤ ᠭᠤᠣᠯ ᠵᠠᠮ᠂ ᠪᠠᠶᠢᠭᠤᠯᠤᠭᠰᠠᠨ | ᠣᠷᠣᠨ ᠵᠡᠷᠭᠡ ᠣᠷᠣᠨ ᠪᠦᠰᠡ ᠳᠤ ᠬᠤᠭ ᠨᠣᠪᠰᠢ ᠶᠢᠨ ᠣᠪᠣᠭ᠎ᠠ᠂ ᠡᠪᠡᠰᠦ ᠲᠦᠯᠡᠭᠡ ᠶᠢᠨ ᠣᠪᠣᠭ᠎ᠠ᠂ ᠪᠠᠭᠠᠰᠤᠨ ᠣᠪᠣᠭ᠎ᠠ ᠶᠢ ᠴᠡᠪᠡᠷᠯᠡᠵᠦ᠂ ᠭᠤᠣᠯ ᠴᠥᠭᠦᠷᠥᠮ | ᠭᠤᠸ ᠰᠤᠪᠠᠭ ᠢ ᠴᠡᠭᠴᠡᠯᠡᠨ ᠵᠠᠰᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠵᠢᠴᠢ ᠲᠠᠷᠢᠮᠠᠯ ᠤᠨ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠴᠡᠭᠴᠡᠯᠡᠨ ᠵᠠᠰᠠᠭᠰᠠᠨ ᠠᠴᠠ ᠨᠠᠰᠢ᠂ 230 ᠭᠠᠷᠤᠢ ᠬᠥᠮᠥᠨ ᠤᠳᠠᠭ᠎ᠠ ᠶᠢᠨ ᠴᠡᠪᠡᠷᠯᠡᠭᠴᠢ ᠶᠢ | ᠬᠥᠳᠡᠯᠭᠡᠵᠦ᠂ ᠰᠢᠯᠵᠢᠭᠦᠯᠦᠨ ᠵᠦᠭᠡᠭᠡᠪᠦᠷᠢᠯᠡᠭᠰᠡᠨ ᠠᠮᠢᠳᠤᠷᠠᠯ ᠤᠨ ᠪᠠ ᠦᠢᠯᠡᠳᠪᠦᠷᠢᠯᠡᠯ ᠤᠨ 310 ᠭᠠᠷᠤᠢ ᠲᠣᠨ ᠬᠤᠭ ᠨᠣᠪᠰᠢ ᠢ ᠴᠡᠪᠡᠷᠯᠡᠵᠦ᠂ ᠲᠣᠰᠬᠤᠨ ᠤ | ᠳᠦᠷᠰᠦ ᠪᠠᠶᠢᠳᠠᠯ ᠮᠡᠳᠡᠭᠳᠡᠮ᠎ᠡ ᠳᠡᠭᠡᠭᠰᠢᠯᠡᠵᠡᠢ᠃ | ᠬᠤᠶᠠᠷ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠷ ︽ᠰᠠᠭᠤᠷᠢ︾ ᠶᠢ ᠴᠣᠭᠴᠠᠯᠠᠵᠤ᠂ ᠭᠡᠷ ᠣᠷᠣᠨ ᠤ ᠪᠠᠨ ︽ᠠᠷᠢᠭᠤᠨ ᠴᠡᠪᠡᠷ︾ ᠢ ᠰᠠᠬᠢᠨ | ᠬᠠᠮᠠᠭᠠᠯᠠᠨ᠎ᠠ | ᠴᠡᠭᠴᠡᠯᠡᠨ ᠵᠠᠰᠠᠬᠤ ᠳᠤ ᠠᠮᠠᠷ᠂ ᠪᠠᠷᠢᠮᠲᠠᠯᠠᠬᠤ ᠳᠤ ᠬᠦᠴᠢᠷ᠃ ︽ᠴᠡᠭᠴᠡᠯᠡᠨ ᠵᠠᠰᠠᠬᠤ᠂ ᠭᠡᠳᠡᠷᠬᠦ ᠰᠡᠷᠭᠦᠬᠦ ᠂ ᠲᠠᠬᠢᠨ ᠴᠡᠭᠴᠡᠯᠡᠨ ᠵᠠᠰᠠᠬᠤ︾ ᠡᠷᠭᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳᠠᠭᠤᠷ ᠦᠨᠳᠦᠰᠦᠲᠡᠨ ᠤ ᠰᠢᠶᠠᠩ ︽ᠳᠦᠷᠢᠮ + ᠬᠠᠷᠢᠭᠤᠴᠠᠯᠭ᠎ᠠ + ᠱᠠᠯᠠᠪᠳᠠᠭᠤᠯᠤᠨ ᠪᠠᠶᠢᠴᠠᠭᠠᠬᠤ︾ | ᠭᠤᠷᠪᠠ ᠶᠢ ᠨᠢᠭᠡ ᠴᠣᠭᠴᠠᠵᠢᠭᠤᠯᠤᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠰᠢᠰᠲ᠋ᠥᠮ ᠢ ᠪᠠᠶᠢᠭᠤᠯᠪᠠ᠃ ᠬᠤᠭ ᠨᠣᠪᠰᠢ ᠶᠢ ᠲᠦᠷᠦᠯ | ᠬᠤᠪᠢᠶᠠᠬᠤ᠂ ᠡᠭᠦᠳᠡᠨ ᠡᠮᠦᠨᠡᠬᠢ ᠭᠤᠷᠪᠠ ᠶᠢ ᠳᠠᠭᠠᠭᠠᠬᠤ ᠦᠢᠯᠡᠴᠢᠯᠡᠭᠡ ᠵᠡᠷᠭᠡ ᠶᠢ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠠᠭᠤᠯᠭ᠎ᠠ ᠳᠤ ᠣᠷᠣᠭᠤᠯᠵᠤ᠂ | ︽ᠤᠯᠠᠭᠠᠨ ᠬᠠᠷ᠎ᠠ ᠵᠠᠷᠯᠠᠯ︾ ᠢ ᠨᠡᠶᠢᠲᠡ ᠳᠤ ᠵᠠᠷᠯᠠᠬᠤ᠂ ᠬᠤᠪᠢ ᠬᠤᠷᠠᠮᠳᠤᠭᠤᠯᠵᠤ ᠵᠣᠭᠤᠰ ᠰᠣᠯᠢᠬᠤ ᠵᠡᠷᠭᠡ ᠲᠣᠭᠲᠠᠴᠠ ᠪᠠᠷ ᠳᠠᠮᠵᠢᠭᠤᠯᠤᠨ ᠤᠯᠠᠨ ᠲᠦᠮᠡᠨ ᠤ | ᠣᠷᠣᠯᠴᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ︔ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠰᠢᠶᠠᠩ ᠢᠶᠠᠷ ᠢᠶᠠᠨ 53 ᠲᠤᠤᠷᠴᠢᠯᠠᠯ | ᠬᠤᠪᠢᠶᠠᠵᠤ᠂ ᠨᠠᠮ ᠤᠨ ᠭᠡᠰᠢᠭᠦᠨ ᠺᠠᠳ᠋ᠷᠴᠤᠳ ︽ᠲᠤᠤᠷᠴᠢᠯᠠᠯ ᠤᠨ ᠳᠠᠷᠤᠭ᠎ᠠ︾ ᠶᠢᠨ ᠲᠤᠰᠢᠶᠠᠯ ᠢ ᠡᠭᠦᠷᠭᠡᠯᠡᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ᠂ | ᠠᠰᠠᠭᠤᠳᠠᠯ ᠢ ᠳᠡᠭᠡᠭᠰᠢ ᠮᠡᠳᠡᠭᠦᠯᠬᠦ ᠪᠠ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠠᠷᠢᠭᠤᠴᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠦᠷ᠎ᠡ ᠪᠦᠲᠦᠮᠵᠢ ᠢᠯᠡᠳᠲᠡ ᠪᠣᠯᠪᠠ᠃ | ᠭᠤᠷᠪᠠ᠂ ᠪᠦᠬᠦ ᠠᠷᠠᠳ ᠢᠶᠠᠷ ᠢᠶᠠᠨ ᠣᠷᠣᠯᠴᠠᠵᠤ ︽ᠬᠠᠮᠲᠤᠷᠠᠯ ᠤᠨ ᠬᠦᠴᠦᠨ︾ ᠢ ᠨᠢᠭᠲᠠᠷᠠᠭᠤᠯᠵᠤ᠂ ᠬᠥᠭᠵᠢᠯ ᠮᠠᠨᠳᠤᠯ ᠤᠨ ︽ᠰᠠᠭᠤᠷᠢ ᠥᠩᠭᠡ︾ ᠶᠢ | ᠬᠠᠮᠲᠤᠪᠠᠷ ᠵᠢᠷᠤᠭᠯᠠᠨ᠎ᠠ | ᠬᠠᠮᠲᠤᠪᠠᠷ ᠵᠠᠰᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠬᠥᠳᠡᠭᠡ ᠲᠣᠰᠬᠤᠨ ᠬᠤᠶᠠᠷ ᠱᠠᠲᠤᠨ ᠤ ᠬᠢᠨ ᠪᠦᠷᠢᠶ᠎ᠡ᠂ ᠵᠢᠷᠭᠢᠶ᠎ᠡ ᠵᠡᠷᠭᠡ | ᠠᠴᠢᠶᠠᠯᠠᠪᠤᠷᠢ ᠪᠠᠷ ︽ᠬᠡᠪᠢᠰ ᠮᠠᠶ᠋ᠢᠭ︾ ᠤᠨ ᠤᠬᠠᠭᠤᠯᠭ᠎ᠠ ᠶᠢ ᠥᠷᠨᠢᠭᠦᠯᠵᠦ᠂ ᠤᠯᠠᠨ ᠲᠦᠮᠡᠨ ᠢ ︽ᠬᠠᠵᠠᠭᠤ ᠠᠴᠠ ᠬᠠᠷᠠᠭᠴᠢ︾ ᠪᠠᠶᠢᠭᠰᠠᠨ ᠠᠴᠠ ᠨᠢ ︽ᠡᠵᠡᠨ | ᠬᠥᠮᠥᠨ︾ ᠪᠣᠯᠭᠠᠨ ᠬᠤᠪᠢᠷᠠᠭᠤᠯᠬᠤ ᠶᠢᠨ ᠬᠠᠮᠲᠤ ᠨᠠᠮ ᠤᠨ ᠭᠡᠰᠢᠭᠦᠨ᠂ ︽ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠵᠢᠴᠢ ᠰᠦᠯᠵᠢᠶᠡᠨ ᠤ ᠠᠵᠢᠯᠲᠠᠨ | ᠵᠡᠷᠭᠡ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠵᠠᠩ ᠳᠠᠳᠬᠠᠯ ᠢ ᠬᠤᠪᠢᠷᠠᠭᠤᠯᠵᠤ᠂ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ | ᠳᠠᠷᠠᠭᠠᠴᠢ ᠵᠢᠨᠠᠯᠬᠤᠮ ᠳᠤ᠂ ᠳᠠᠭᠤᠷᠦᠨᠳᠦᠰᠦᠲᠡᠨ ᠤ ᠰᠢᠶᠠᠩ ︽ᠠᠮᠢᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ︾ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠣᠬᠢᠷ ᠤᠰᠤ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠮᠢᠳᠤᠷᠠᠯ ᠤᠨ ᠬᠤᠭ ᠨᠣᠪᠰᠢ ᠶᠢ | ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢ ᠠᠬᠤᠢ ᠶᠢᠨ ᠰᠠᠭᠤᠷᠢ ᠥᠩᠭᠡ ᠶᠢ | ᠭᠡᠷᠡᠯᠲᠦᠭᠦᠯᠵᠦ᠂ ᠥᠷᠭᠡᠨ ᠤᠯᠠᠨ ᠲᠦᠮᠡᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠤᠨ ᠳᠤᠮᠳᠠ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠦᠨ᠎ᠡ᠃ | | | |