ᠳᠠᠭᠤᠷ ᠦᠨᠳᠦᠰᠦᠲᠡᠨ ᠤ ᠰᠢᠶᠠᠩ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠨᠤᠲᠤᠭ ᠪᠡᠯᠴᠢᠭᠡᠷ ᠢ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢᠲᠡᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2025/5/15
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ  ᠦᠨᠵᠢᠭᠦᠯᠦᠨ ᠮᠠᠨᠵᠢᠬᠤ ᠳᠦᠷᠢᠮ︾ ᠤᠨ ᠱᠠᠭᠠᠷᠳᠠᠯᠭ᠎ᠠ ᠶᠢ ᠲᠦᠦᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ᠂ ᠳᠠᠭᠤᠷ ᠦᠨᠳᠦᠰᠦᠲᠡᠨ ᠤ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠡᠯᠴᠢᠭᠡᠷᠯᠡᠭᠦᠯᠬᠦ ᠶᠢ ᠵᠣᠭᠰᠣᠭᠠᠵᠤ  ᠦᠨᠵᠢᠭᠦᠯᠦᠨ ᠮᠠᠨᠵᠢᠬᠤ ᠬᠤᠭᠤᠴᠠᠭᠠᠨ ᠳᠠᠬᠢ ᠲᠣᠭᠲᠠᠭᠠᠯ  ᠠᠴᠠ ᠵᠥᠷᠢᠴᠡᠨ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠡᠯᠴᠢᠭᠡᠷᠯᠡᠭᠦᠯᠬᠦ ᠶᠢ ᠵᠣᠭᠰᠣᠭᠠᠵᠤ  ᠦᠨᠵᠢᠭᠦᠯᠦᠨ ᠮᠠᠯᠵᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ᠎ᠡ᠃    ᠳᠠᠭᠤᠷ ᠦᠨᠳᠦᠰᠦᠲᠡᠨ ᠤ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠪᠠ ᠭᠤᠣᠯᠳᠠᠯᠭ᠎ᠠ ᠲᠠᠢ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠨ᠎ᠠ᠄ ᠬᠠᠷᠢᠶᠠᠲᠤ ᠣᠷᠣᠨ ᠤ ᠨᠤᠲᠤᠭ ᠪᠡᠯᠴᠢᠭᠡᠷ ᠲᠤ ᠪᠥᠬᠦ ᠲᠠᠯ᠎ᠠ ᠶᠢᠨ᠂ ᠥᠯᠥ ᠣᠨᠣᠭᠳᠠᠬᠤ ᠭᠠᠵᠠᠷ ᠦᠭᠡᠢ ᠪᠠᠷ ᠬᠢᠨᠠᠯᠲᠠ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭ᠎ᠠ ᠳᠤ ᠴᠢᠭᠯᠡᠭᠦᠯᠦᠨ ᠨᠠᠷᠢᠨ ᠨᠢᠭᠲᠠ ᠪᠠᠶᠢᠴᠠᠭᠠᠯᠲᠠ ᠬᠢᠨ᠎ᠡ᠃ ᠲᠤᠤᠷᠴᠢᠯᠠᠭᠰᠠᠨ ᠬᠠᠮᠢᠶᠠᠷᠤᠯᠲᠠ᠄ ᠬᠠᠷᠢᠶᠠᠲᠤ ᠣᠷᠣᠨ ᠤ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠣᠯᠠᠨ ᠬᠠᠷᠢᠭᠤᠴᠠᠯᠭ᠎ᠠ ᠶᠢᠨ ᠬᠡᠰᠡᠭ ᠲᠣᠭᠤᠷᠢᠭ ᠪᠣᠯᠭᠠᠨ ᠬᠤᠪᠢᠶᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠲᠣᠭᠤᠷᠢᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠭᠲᠠᠭᠠᠯ  ᠠᠴᠠ ᠵᠥᠷᠢᠴᠡᠨ ᠮᠠᠯ ᠬᠠᠷᠢᠭᠤᠯᠬᠤ ᠦᠶᠯᠡ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠨ᠎ᠠ᠄ ᠣᠯᠠᠨ ᠤᠳᠠᠭ᠎ᠠ᠂ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠪᠠᠷ ᠳᠡᠮᠵᠢᠨ᠂ ᠲᠣᠭᠲᠠᠭᠠᠯ  ᠠᠴᠠ ᠵᠥᠷᠢᠴᠡᠨ ᠮᠠᠯ ᠬᠠᠷᠢᠭᠤᠯᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠦᠨ ᠬᠤᠷᠢᠭᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢᠨ ᠲᠥᠪ ᠴᠢᠩᠭ᠎ᠠ ᠴᠢᠨᠠᠷ ᠢ ᠬᠠᠮᠠᠭᠠᠯᠠᠪᠠ᠃ ᠮᠠᠯᠴᠢᠳ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠄ ᠥᠷᠭᠡᠨ ᠢᠶᠠᠷ ᠤᠬᠠᠭᠤᠯᠬᠤ ᠪᠠ ᠬᠠᠯᠠᠰᠢᠷᠠᠯ ᠦᠭᠡᠢ ᠲᠠᠶᠢᠯᠪᠤᠷᠢᠯᠠᠬᠤ ᠪᠠᠷ ᠳᠠᠮᠵᠢᠭᠤᠯᠤᠨ᠂ ᠮᠠᠯᠴᠢᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ ᠢ ᠨᠠᠩ ᠢᠯᠡᠭᠦᠦ ᠣᠶᠢᠯᠠᠭᠠᠭᠤᠯᠵᠤ᠂ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠨ᠂ ᠬᠠᠤᠯᠢ ᠬᠡᠷᠡᠭᠵᠢᠭᠦᠯᠬᠦ ᠠᠵᠢᠯ ᠳᠤ ᠢᠳᠡᠪᠬᠢᠲᠡᠢ ᠬᠠᠮᠵᠢᠯᠴᠠᠭᠤᠯᠤᠨ᠎ᠠ᠃    ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠯᠲᠡ ᠶᠢ ᠲᠦᠯᠬᠢᠨ ᠠᠬᠢᠭᠤᠯᠪᠠ᠄ ᠪᠡᠯᠴᠢᠭᠡᠷ ᠰᠡᠷᠭᠦᠭᠡᠬᠦ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠤ ᠠᠰᠢᠭᠲᠠᠢ ᠨᠥᠬᠦᠴᠡᠯ ᠢ ᠬᠠᠩᠭᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠰᠠᠶᠢᠨ ᠣᠷᠴᠢᠯ ᠢ ᠠᠬᠢᠭᠤᠯᠪᠠ᠃ ᠬᠠᠤᠯᠢ ᠬᠡᠷᠡᠭᠵᠢᠭᠦᠯᠬᠦ ᠠᠩᠭᠢ ᠶᠢᠨ ᠲᠣᠭᠤᠷᠢᠨ ᠪᠠᠶᠢᠴᠠᠭᠠᠬᠤ ᠠᠵᠢᠯ ᠨᠢ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠮᠠᠯ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ