ᠠᠵᠢᠯ ᠤᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠵᠤ᠂ ᠪᠥᠬᠦ ᠰᠢᠶᠠᠩ ᠤᠨ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ 2025 ᠣᠨ ᠤ 5 | ᠰᠠᠷ᠎ᠠ ᠶᠢᠨ 7 ᠤ ᠡᠳᠦᠷ ᠳᠠᠭᠤᠷ ᠦᠨᠳᠦᠰᠦᠲᠡᠨ ᠤ ᠰᠢᠶᠠᠩ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠰᠢᠶᠠᠩ ᠤᠨ ᠨᠠᠮ ᠤᠨ ᠬᠤᠷᠢᠶᠠᠨ ᠤ ᠱᠦᠵᠢ ᠡᠷᠬᠢᠯᠡᠵᠦ᠂ ᠰᠢᠶᠠᠩ ᠤᠨ | ᠨᠠᠮ ᠵᠠᠰᠠᠭ ᠤᠨ ᠪᠠᠭ ᠤᠨ ᠪᠦᠬᠦ ᠪᠦᠷᠢᠯᠳᠦᠭᠦᠨ᠂ ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠤᠳᠤᠷᠢᠳᠬᠤ ᠪᠠᠭ ᠤᠨ ᠪᠦᠷᠢᠯᠳᠦᠭᠦᠨ ᠨᠠᠷ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠤᠢ | ᠰᠢᠭᠤᠢ ᠡᠪᠡᠰᠦ ᠪᠡᠯᠴᠢᠭᠡᠷ ᠢ ᠰᠦᠢᠳᠬᠡᠵᠦ ᠴᠢᠭᠢᠭ ᠢ ᠰᠦᠢᠳᠬᠡᠬᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ᠂ ᠮᠧᠩ | ᠨᠧᠩ ᠪᠦᠯᠦᠭᠯᠡᠯ ᠤᠨ ᠰᠠᠯᠬᠢᠨ ᠤ ᠨᠥᠭᠡᠴᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠵᠢᠯ ᠤᠨ | ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ᠂ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠵᠢᠴᠢ ᠬᠠᠷᠠᠯᠲᠠ ᠪᠠᠨ | ᠨᠢᠭᠡᠳ ᠨᠢᠭᠡ ᠪᠠᠷ ᠬᠠᠷᠢᠭᠤ ᠮᠡᠳᠡᠭᠦᠯᠵᠡᠢ᠃ | ᠬᠤᠷᠠᠯ ᠠᠴᠠ᠂ ᠪᠦᠬᠦ ᠰᠢᠶᠠᠩ ᠤᠨ ᠺᠠᠳ᠋ᠷ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠳᠠᠭᠤᠷ | ᠦᠨᠳᠦᠰᠦᠲᠡᠨ ᠤ ᠰᠢᠶᠠᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠵᠡᠭᠦᠯᠬᠦ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ︽ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠠᠵᠢᠯᠯᠠᠬᠤ︾ ᠨᠠᠵᠠᠭᠠᠢ ᠦᠵᠡᠯ ᠰᠠᠨᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ | ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠣᠰᠬᠤᠨ ᠢ ᠳᠠᠭᠠᠭᠠᠴᠢᠯᠠᠬᠤ ᠠᠵᠢᠯ ᠤᠨ ᠳᠤᠭᠤᠶᠢᠯᠠᠩ ᠤᠨ ᠳᠠᠷᠤᠭ᠎ᠠ ᠡᠷᠬᠡᠪᠰᠢ ᠡᠮᠦᠨ᠎ᠡ ᠹᠷᠣᠨᠲ ᠲᠤ | ᠣᠴᠢᠵᠤ ᠵᠢᠯᠤᠭᠤᠳᠴᠤ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠢᠴᠡᠳᠬᠡᠵᠦ᠂ ᠬᠠᠷᠢᠯᠴᠠᠨ ᠲᠦᠯᠬᠢᠯᠴᠡᠬᠦ ᠦᠵᠡᠭᠳᠡᠯ ᠢ ᠲᠡᠪᠴᠢᠵᠦ᠂ ᠪᠦᠬᠦ ᠰᠢᠶᠠᠩ ᠤᠨ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ | ᠪᠠᠲᠤᠯᠠᠬᠤ ᠬᠡᠷᠡᠭᠲᠡᠢ᠃ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠭᠠᠴᠠᠭ᠎ᠠ ᠪᠠ ᠬᠤᠪᠢ ᠬᠥᠮᠥᠨ ᠠᠴᠠ ᠰᠢᠶᠠᠩ ᠤᠨ ᠨᠠᠮ ᠤᠨ ᠬᠤᠷᠢᠶ᠎ᠠ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ | ᠣᠳᠣᠬᠠᠨ ᠤ ᠠᠵᠢᠯ ᠤᠨ ᠳᠤᠮᠳᠠᠬᠢ ᠵᠠᠩᠭᠢᠯᠠᠭ᠎ᠠ ᠶᠢᠨ ᠬᠦᠴᠢᠷ ᠠᠰᠠᠭᠤᠳᠠᠯ ᠳᠤ ᠴᠢᠭᠯᠡᠭᠦᠯᠦᠨ᠂ ᠬᠤᠷᠠᠯ ᠠᠴᠠ ᠱᠠᠭᠠᠷᠳᠠᠭᠰᠠᠨ ᠨᠢ᠂ ᠣᠶ ᠰᠢᠭᠤᠢ ᠡᠪᠡᠰᠦ | ᠪᠡᠯᠴᠢᠭᠡᠷ ᠢ ᠦᠭᠡᠶᠢᠬᠢᠵᠦ ᠴᠢᠭᠢᠭ ᠢ ᠦᠭᠡᠶᠢᠬᠢᠬᠦ᠂ ᠬᠤᠶᠠᠳᠠᠭᠢ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠵᠢᠴᠢ ᠥᠪᠥᠷ ᠮᠣᠩᠭᠤᠯ ᠤᠨ | ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ᠂ ᠡᠯ᠎ᠡ ᠠᠵᠢᠯ ᠤᠨ ᠳᠤᠭᠤᠶᠢᠯᠠᠩ ᠡᠷᠬᠡᠪᠰᠢ ᠳᠠᠷᠤᠢ ᠲᠦᠷᠭᠡᠨ ︽ᠡᠷᠬᠢᠨ | ᠬᠠᠷᠠᠬᠤ︾ ᠠᠵᠢᠯ ᠥᠷᠨᠢᠭᠦᠯᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ᠂ ᠬᠠᠤᠯᠢ | ᠬᠡᠷᠡᠭᠵᠢᠭᠦᠯᠦᠯᠲᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠭᠡᠷᠡᠴᠢᠯᠡᠯ ᠤᠨ ᠳ᠋ᠤᠭᠠᠷ ᠢ ᠬᠠᠰᠤᠭᠰᠠᠨ ᠠᠬᠢᠴᠠ᠂ ᠭᠠᠵᠠᠷ ᠰᠢᠷᠣᠢ ᠶᠢᠨ ᠵᠥᠷᠢᠴᠡᠯ ᠢ ᠵᠢᠭᠰᠠᠭᠠᠨ | ᠪᠠᠶᠢᠴᠠᠭᠠᠭᠰᠠᠨ ᠵᠢᠴᠢ ᠭᠠᠵᠠᠷ ᠰᠢᠷᠣᠢ ᠶᠢ ᠲᠠᠲᠠᠪᠤᠷᠢᠯᠠᠬᠤ ᠪᠡᠯᠡᠳᠬᠡᠯ ᠲᠥᠰᠥᠯ ᠢ ᠲᠣᠭᠲᠠᠭᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠬᠠᠷᠭᠤᠭᠤᠯᠤᠨ | ᠪᠠᠶᠢᠴᠠᠭᠠᠬᠤ ᠬᠡᠷᠡᠭᠲᠡᠢ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ᠂ ᠡᠯ᠎ᠡ ᠲᠣᠰᠬᠤᠨ ᠤ ᠬᠢᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠢ ᠳᠠᠶᠢᠴᠢᠯᠠᠨ ᠬᠤᠭ ᠨᠣᠪᠰᠢ ᠶᠢ ᠴᠡᠪᠡᠷᠯᠡᠵᠦ᠂ ᠳᠤᠷ᠎ᠠ ᠪᠠᠷ ᠣᠪᠣᠭᠠᠯᠠᠵᠤ | ᠳᠤᠷ᠎ᠠ ᠪᠠᠷ ᠲᠠᠯᠪᠢᠬᠤ ᠶᠢ ᠴᠡᠭᠴᠡᠯᠡᠨ ᠵᠠᠰᠠᠬᠤ ᠬᠡᠷᠡᠭᠲᠡᠢ︔ ᠰᠢᠶᠠᠩ ᠤᠨ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠨᠢ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ︔ ᠨᠠᠮ | ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠨᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ | ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠡᠮᠵᠢᠨ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠦᠷ᠎ᠡ ᠳ᠋ᠦᠩ ᠢ ᠨᠢ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠂ ᠠᠵᠢᠯ ᠳᠠᠭᠠᠨ ᠬᠦᠴᠦᠨ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠢ᠃ | ᠲᠣᠰ ᠤᠳᠠᠭᠠᠨ ᠤ ᠬᠤᠷᠠᠯ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠴᠠᠭ ᠤᠨ ᠬᠢᠵᠠᠭᠠᠷ ᠢ | ᠲᠣᠳᠣᠷᠬᠠᠢ ᠲᠣᠭᠲᠠᠭᠠᠨ᠂ ᠪᠥᠬᠦ ᠰᠢᠶᠠᠩ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠪᠡ᠃ ᠳᠠᠷᠠᠭᠠᠴᠢ ᠶᠢᠨ | ᠠᠯᠬᠤᠮ ᠳᠤ᠂ ᠳᠠᠭᠤᠷ ᠦᠨᠳᠦᠰᠦᠲᠡᠨ ᠤ ᠰᠢᠶᠠᠩ ︽ᠴᠠᠭ ᠪᠢᠳᠡᠨ ᠢ ᠬᠦᠯᠢᠶᠡᠬᠦ ᠦᠭᠡᠢ︾ ᠭᠡᠬᠦ ᠲᠤᠯᠭᠠᠮ᠎ᠠ ᠰᠡᠳᠬᠢᠯᠭᠡ ᠪᠠᠷ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠵᠢᠯ ᠤᠨ ᠥᠨᠳᠥᠷ ᠪᠦᠲᠦᠮᠵᠢᠲᠡᠢ ᠪᠡᠶᠡᠯᠡᠭᠳᠡᠬᠦ ᠶᠢ ᠪᠠᠲᠤᠯᠠᠵᠤ᠂ ᠪᠦᠬᠦ ᠰᠢᠶᠠᠩ ᠤᠨ ᠴᠢᠨᠠᠷ | ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ | | |