ᠠᠵᠢᠯ ᠤᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠪᠦᠬᠦ ᠰᠢᠶᠠᠩ ᠤᠨ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ 2025 ᠣᠨ ᠤ 5 | ᠰᠠᠷ᠎ᠠ ᠶᠢᠨ 9 ᠤ ᠡᠳᠦᠷ᠂ ᠳᠠᠭᠤᠷ ᠦᠨᠳᠦᠰᠦᠲᠡᠨ ᠤ ᠰᠢᠶᠠᠩ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠰᠢᠶᠠᠩ ᠤᠨ | ᠨᠠᠮ ᠤᠨ ᠬᠤᠷᠢᠶᠠᠨ ᠤ ᠱᠦᠵᠢ ᠡᠷᠭᠢᠯᠡᠵᠦ᠂ ᠨᠠᠮ ᠵᠠᠰᠠᠭ ᠤᠨ ᠪᠠᠭ ᠤᠨ ᠪᠥᠬᠦ ᠭᠡᠰᠢᠭᠦᠨ᠂ ᠮᠢᠶᠣᠣ ᠡᠯ ᠱᠠᠨ ᠣᠶ ᠰᠢᠭᠤᠢ ᠶᠢᠨ ᠲᠠᠯᠠᠪᠠᠶ᠂ ᠴᠢᠩᠭᠢᠰ ᠬᠠᠭᠠᠨ ᠤ | ᠣᠶ ᠰᠢᠭᠤᠢ ᠶᠢᠨ ᠲᠠᠯᠠᠪᠠᠶ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠠᠵᠢᠯᠲᠠᠳ ᠬᠤᠷᠠᠯ ᠳᠤ ᠣᠷᠣᠯᠴᠠᠵᠠᠢ᠃ | ᠬᠤᠷᠠᠯ ᠠᠴᠠ ᠡᠩ ᠲᠡᠷᠢᠭᠦᠨ ᠳᠤ ᠵᠠᠯᠠᠨ ᠠᠶᠢᠯ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠠᠷᠠᠭ᠎ᠠ ᠨᠢ ᠪᠦᠬᠦ ᠰᠢᠶᠠᠩ ᠤᠨ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ | ᠰᠦᠢᠳᠬᠡᠬᠦ ᠳᠤ ᠴᠣᠬᠢᠯᠲᠠ ᠥᠭᠬᠦ ᠲᠤᠰᠬᠠᠢ ᠲᠦᠷᠦᠯ ᠤᠨ ᠴᠡᠭᠴᠡᠯᠡᠨ ᠵᠠᠰᠠᠯᠲᠠ᠂ ᠪᠡᠯᠴᠢᠭᠡᠷᠯᠡᠭᠦᠯᠬᠦ ᠶᠢ ᠵᠣᠭᠰᠣᠭᠠᠵᠤ ᠦᠨᠵᠢᠭᠦᠯᠦᠨ ᠮᠠᠯᠵᠢᠬᠤ᠂ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ | ᠬᠠᠮᠲᠤ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠨᠢᠭᠡ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠦᠷᠭᠡᠨ ᠲᠣᠳᠣᠷᠬᠠᠢ ᠭᠦᠢᠴᠡᠳᠬᠡᠬᠦ | ᠬᠡᠷᠡᠭᠲᠡᠢ᠃ ᠡᠯ᠎ᠡ ᠤᠳᠤᠷᠢᠳᠬᠤ ᠪᠠᠭ ᠤᠨ ᠪᠦᠷᠢᠯᠳᠦᠭᠦᠨ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠭᠤᠣᠯᠳᠠᠯᠭ᠎ᠠ ᠲᠠᠢ ᠡᠭᠦᠷᠭᠡ ᠳᠤ ᠴᠢᠭᠯᠡᠭᠦᠯᠦᠨ ᠲᠤᠰᠬᠠᠢ ᠬᠥᠮᠥᠨ ᠲᠤᠰᠬᠠᠢ ᠬᠠᠷᠢᠭᠤᠴᠠᠬᠤ ᠶᠢ ᠬᠡᠷᠡᠭᠵᠢᠭᠦᠯᠵᠦ᠂ | ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠠᠵᠢᠯ ᠨᠢᠭᠡᠪᠦᠷᠢ ᠶᠢ ᠠᠳᠬᠤᠬᠤ ᠬᠥᠮᠥᠨ ᠲᠠᠢ᠂ | ᠬᠠᠮᠢᠶᠠᠷᠬᠤ ᠬᠥᠮᠥᠨ ᠲᠠᠢ᠂ ᠨᠠᠶᠢᠳᠠᠪᠤᠷᠢᠵᠢᠭᠤᠯᠬᠤ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠴᠤᠭ ᠰᠦᠯᠳᠡ ᠪᠠᠨ ᠪᠠᠳᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ︽ᠴᠢᠩᠭ᠎ᠠ ᠪᠥᠭᠡᠳ ᠨᠠᠷᠢᠨ᠂ ᠪᠣᠳᠠᠲᠠᠢ ᠪᠥᠭᠡᠳ ᠲᠦᠷᠭᠡᠨ︾ ᠠᠵᠢᠯ ᠤᠨ ᠰᠤᠷᠲᠠᠯ ᠢᠶᠠᠷ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠠᠷᠢᠯᠴᠠᠨ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ ᠦᠵᠡᠭᠳᠡᠯ ᠢ ᠲᠠᠰᠤ | ᠬᠤᠷᠢᠭᠯᠠᠵᠤ᠂ ᠠᠵᠢᠯ ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠪᠠ ᠪᠡᠷᠬᠡ ᠠᠰᠠᠭᠤᠳᠠᠯ ᠢ ᠰᠥᠷᠦᠨ ᠤᠷᠤᠭᠰᠢᠯᠠᠵᠤ᠂ ᠡᠯ᠎ᠡ ᠵᠦᠢᠯ ᠤᠨ ᠡᠭᠦᠷᠭᠡ ᠪᠠᠨ | ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠬᠠᠮᠵᠢᠯᠴᠠᠨ ᠬᠥᠳᠡᠯᠦᠯᠴᠡᠵᠦ᠂ ᠠᠵᠢᠯ ᠤᠨ | ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠤᠭᠤᠷᠣᠨᠳᠤ ᠪᠠᠨ᠂ ᠤᠢ ᠰᠢᠭᠤᠢ ᠶᠢᠨ ᠲᠠᠯᠠᠪᠠᠢ ᠵᠡᠷᠭᠡ ᠨᠢᠭᠡᠴᠡ ᠯᠦᠭᠡ ᠶᠢᠨ | ᠣᠯᠣᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠤᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ᠠᠵᠢᠯ ᠤᠨ ᠪᠠᠬᠢᠯᠡᠯᠲᠡ ᠶᠢ ᠡᠪᠳᠡᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ | ᠬᠡᠷᠡᠭᠲᠡᠢ︔ ᠡᠭᠦᠨ ᠤ ᠬᠠᠮᠲᠤ᠂ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠤᠨ ᠲᠤᠬᠠᠢ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠥᠷᠪᠡ ᠳᠤ ᠬᠠᠲᠠᠭᠤ ᠲᠠᠢ ᠬᠠᠯᠳᠠᠵᠤ | ᠦᠨᠡᠨ ᠢ ᠬᠦᠭᠡᠭᠡᠴᠡᠯᠳᠦᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠢ ᠠᠬᠢᠭᠤᠯᠬᠤ ᠶᠠᠪᠤᠴᠠ ᠳᠠᠬᠢ ᠳᠦᠷᠢᠮ | ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ᠂ ᠨᠠᠶᠢᠳᠠᠪᠤᠷᠢᠵᠢᠭᠤᠯᠤᠯᠲᠠ ᠪᠠᠷ ᠰᠤᠯᠠ ᠪᠠᠶᠢᠬᠤ ᠦᠵᠡᠭᠳᠡᠯ ᠢ ᠬᠠᠤᠯᠢ ᠲᠣᠭᠲᠠᠭᠠᠯ ᠢ | ᠦᠨᠳᠦᠰᠦᠯᠡᠨ ᠰᠠᠬᠢᠯᠭ᠎ᠠ ᠪᠠᠲᠤ ᠶᠢ ᠦᠨᠳᠦᠰᠦᠯᠡᠨ ᠴᠢᠩᠭ᠎ᠠ ᠰᠢᠢᠳᠪᠦᠷᠢᠯᠡᠵᠦ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ︔ ᠡᠭᠦᠨ ᠤ ᠬᠠᠮᠲᠤ᠂ | ᠡᠭᠦᠷᠭᠡ ᠶᠢ ᠪᠠᠶᠢᠷᠢᠯᠠᠭᠤᠯᠬᠤ᠂ ᠨᠠᠶᠢᠳᠠᠪᠤᠷᠢᠵᠢᠭᠤᠯᠬᠤ ᠶᠢ ᠠᠬᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ | ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | | |