ᠨᠣᠭᠤᠭᠠᠨ  ᠢ ᠬᠠᠮᠠᠭᠠᠯᠠᠬᠤ ︽ᠬᠠᠮ ᠨᠢᠳᠤᠷᠭ᠎ᠠ︾ ᠪᠠᠷ ᠰᠡᠷᠭᠡᠶᠢᠯᠡᠯᠲᠡ ᠶᠢᠨ ᠱᠤᠭᠤᠮ ᠢ ᠨᠢᠭᠲᠠ ᠰᠦᠯᠵᠢᠵᠦ ᠳᠠᠭᠤᠷ ᠦᠨᠳᠦᠰᠦᠲᠡᠨ ᠤ ᠰᠢᠶᠠᠩ ᠤᠨ  ᠣᠯᠠᠨ ᠬᠡᠮᠵᠢᠴᠡ ᠠᠴᠠ  ᠴᠣᠣᠷᠢᠶᠠᠳᠣᠨ ᠲᠠᠬᠢᠨ  ᠲᠠᠷᠢᠶᠠᠯᠠᠵᠣ ᠲᠠᠬᠢᠨ ᠬᠠᠭᠠᠯᠪᠤᠷᠢᠯᠠᠬᠤ ᠶᠢ ᠰᠡᠷᠭᠡᠶᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/5/15
    ᠣᠳᠣᠬᠠᠨ ᠳᠤ᠂ ᠤᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠴᠢᠭᠢᠭ ᠢ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠳᠠᠭᠤᠷ ᠦᠨᠳᠦᠰᠦᠲᠡᠨ ᠤ ᠰᠢᠶᠠᠩ ᠤᠨ ᠬᠢᠨ ᠤᠯᠠᠨ ᠠᠷᠭ᠎ᠠ ᠬᠡᠮᠵᠢᠶ᠎ᠡ ᠪᠠᠷ ᠤᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠴᠢᠭᠢᠭ ᠢ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ︽ᠲᠦᠷᠦ ᠶᠢᠨ ᠪᠣᠳᠣᠯᠭ᠎ᠠ ᠶᠢᠨ ᠤᠬᠠᠭᠤᠯᠭ᠎ᠠ + ᠬᠠᠷᠢᠭᠤᠴᠠᠯᠭ᠎ᠠ ᠶᠢ ᠪᠣᠳᠠᠲᠠᠶᠢᠵᠢᠭᠤᠯᠬᠤ + ᠰᠡᠷᠡᠮᠵᠢᠯᠡᠭᠦᠯᠦᠨ ᠰᠦᠷᠳᠡᠭᠦᠯᠬᠦ︾ ᠬᠠᠮ ᠠᠷᠭ᠎ᠠ ᠪᠠᠷ ᠬᠥᠬᠡᠮᠳᠦᠭ ᠨᠣᠭᠤᠭᠠᠨ ᠠᠭᠤᠯᠠ ᠤᠰᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠪᠤᠢ᠃    ᠡᠭᠦᠯᠡᠨ ᠦᠵᠦᠭᠦᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠄ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ᠶᠢᠨ ᠸᠢᠳᠢᠣ᠋  ᠦᠷᠭᠡᠨ ᠢᠶᠠᠷ ᠳᠠᠮᠵᠢᠭᠤᠯᠣᠭᠳᠠᠪᠠ    ᠳᠠᠭᠤᠷ ᠦᠨᠳᠦᠰᠦᠲᠡᠨ ᠤ ᠰᠢᠶᠠᠩ ᠤᠨ ᠰᠠᠭᠤᠭᠠᠯᠢ ᠠᠷᠠᠳ ᠲᠤ ᠣᠶ ᠰᠢᠭᠤᠢ ᠡᠪᠡᠰᠦ ᠪᠡᠯᠴᠢᠭᠡᠷ ᠢ ᠰᠦᠢᠳᠬᠡᠵᠦ ᠴᠢᠭᠢᠭ ᠢ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠥᠭᠡ᠂ ᠤᠢ ᠰᠢᠭᠤᠢ ᠶᠢ ᠰᠦᠢᠳᠬᠡᠵᠦ ᠡᠪᠡᠰᠦ ᠪᠡᠯᠴᠢᠭᠡᠷ ᠢ ᠰᠦᠢᠳᠬᠡᠵᠦ ᠴᠢᠬᠢᠭ ᠢ ᠰᠦᠢᠳᠬᠡᠬᠦ ᠳᠦᠷᠦ ᠶᠢᠨ ᠪᠣᠳᠣᠯᠭ᠎ᠠ ᠳᠤ ᠴᠣᠬᠢᠯᠲᠠ  ᠦᠭᠬᠦ ᠲᠠᠶᠢᠯᠤᠮᠵᠢ ᠬᠢᠬᠦ ᠰᠢᠷᠢᠰ ᠣᠬᠤᠷ ᠸᠢᠳᠢᠤ᠋ ᠶᠢ ᠰᠢᠨ᠎ᠡ ᠪᠠᠷ ᠡᠭᠦᠳᠴᠦ᠂ ᠺᠠᠷᠲ᠋ᠣᠨ ᠵᠦᠴᠦᠭᠡ ᠶᠢ ᠳᠡᠯᠭᠡᠷᠡᠭᠦᠯᠬᠦ ᠲᠤᠰᠬᠠᠢ ᠮᠡᠷᠭᠡᠵᠢᠯᠲᠡᠨ ᠤ ᠲᠠᠶᠢᠯᠤᠮᠵᠢ ᠬᠢᠬᠦ ᠬᠡᠯᠪᠡᠷᠢ ᠪᠠᠷ ᠳᠠᠮᠵᠢᠭᠤᠯᠵᠤ᠂ ︽ᠤᠢ ᠰᠢᠭᠤᠢ ᠶᠢ ᠰᠦᠢᠳᠬᠡᠵᠦ ᠡᠪᠡᠰᠦ ᠪᠡᠯᠴᠢᠭᠡᠷ ᠢ ᠰᠦᠢᠳᠬᠡᠵᠦ ᠴᠢᠬᠢᠭ ᠢ ᠰᠦᠢᠳᠬᠡᠬᠦ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠤᠬᠠᠢ ᠵᠢᠯᠣᠭᠤᠳᠤᠯᠭ᠎ᠠ︾ ᠶᠢ ᠠᠮᠢᠳᠤᠯᠢᠭ ᠣᠶᠢᠯᠠᠭᠠᠮᠵᠢᠲᠠᠢ ᠬᠠᠷᠠᠭᠠᠨ ᠰᠡᠷᠡᠯ ᠤᠨ ᠦᠭᠡ ᠬᠡᠯᠡ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠤ ᠵᠥᠪ ᠵᠢᠯᠣᠭᠤᠳᠤᠯᠭ᠎ᠠ  ᠬᠠᠩᠭᠠᠪᠠ᠃ ᠡᠭᠦᠨ ᠠᠴᠠ ᠭᠠᠳᠠᠨ᠎ᠠ᠂ ᠪᠥᠬᠦ ᠰᠢᠶᠠᠩ ᠤᠨ ᠰᠦᠯᠵᠢᠶᠡᠨ ᠤ ᠦᠨᠡᠯᠡᠭᠴᠢ ᠶᠢ ᠵᠣᠬᠢᠶᠠᠨ ᠪᠠᠶᠢᠭᠤᠯᠵᠤ ᠸᠢᠴᠠᠲ ᠤᠨ ᠪᠦᠯᠦᠭ᠂ ᠨᠠᠶᠢᠵᠠ ᠶᠢᠨ ᠲᠣᠭᠤᠷᠢᠭ ᠢᠶᠠᠷ ᠳᠠᠮᠵᠢᠭᠤᠯᠤᠨ ᠨᠠᠷᠢᠯᠢᠭ ᠣᠨᠣᠴᠠᠲᠠᠢ ᠪᠠᠷ ᠬᠦᠷᠭᠡᠵᠦ᠂ ᠨᠡᠶᠢᠲᠡ 3000 ᠭᠠᠷᠤᠢ ᠬᠥᠮᠥᠨ ᠳᠤ ᠤᠯᠠᠮᠵᠢᠯᠠᠨ ᠲᠠᠷᠬᠠᠭᠠᠵᠤ᠂ ︽ᠬᠥᠮᠥᠨ ᠪᠦᠬᠦᠨ ᠴᠥᠮ ᠠᠮᠢ ᠠᠬᠤᠢ ᠶᠢᠨ ᠤᠬᠠᠭᠤᠯᠤᠭᠴᠢ ᠮᠥᠨ︾ ᠭᠡᠬᠦ ᠤᠯᠠᠮᠵᠢᠯᠠᠨ ᠲᠠᠷᠬᠠᠭᠠᠬᠤ ᠪᠠᠶᠢᠳᠠᠯ ᠢ ᠪᠣᠶ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠤᠯᠠᠮᠵᠢᠯᠠᠨ ᠣᠷᠣᠭᠤᠯᠤᠭᠰᠠᠨ ᠪᠠᠶᠢᠨ᠎ᠠ᠃    ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠄ ᠴᠡᠭ ᠠᠴᠠ ᠴᠡᠭ ᠲᠠᠬᠢ ᠤᠬᠠᠭᠤᠯᠭ᠎ᠠ ᠬᠥᠮᠦᠵᠢᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠨ᠎ᠠ    ᠲᠣᠰᠬᠤᠨ ᠤ ᠺᠠᠳ᠋ᠷ᠂ ᠲᠣᠰᠬᠤᠨ ᠤ ᠵᠥᠪᠯᠡᠯ᠂ ᠳᠤᠭᠤᠶᠢᠯᠠᠩ ᠤᠨ ᠳᠠᠷᠤᠭ᠎ᠠ ᠨᠠᠷ ᠢᠶᠠᠷ ᠪᠦᠷᠢᠯᠳᠦᠭᠰᠡᠨ ︽ᠠᠮᠢ ᠠᠬᠤᠢ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠨᠢ ᠣᠶᠢᠲᠤ ᠭᠠᠵᠠᠷ᠂ ᠡᠪᠡᠰᠦᠲᠦ ᠭᠠᠵᠠᠷ᠂ ᠴᠢᠭᠢᠭᠯᠢᠭ ᠭᠠᠵᠠᠷ ᠤᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠵᠦ᠂ ᠣᠶᠢᠲᠤ ᠭᠠᠵᠠᠷ ᠤᠨ ᠳᠠᠭᠠᠭᠠᠴᠢᠯᠠᠭᠴᠢ᠂ ᠲᠠᠷᠢᠶᠠᠯᠠᠩ ᠤᠨ ᠲᠠᠷᠢᠮᠠᠯ ᠤᠨ ᠡᠷᠦᠬᠡ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ︽ᠨᠢᠭᠡ ᠳᠤ ᠨᠢᠭᠡ ᠲᠠᠢ︾ ᠤᠬᠠᠭᠤᠯᠭ᠎ᠠ ᠰᠣᠯᠢᠯᠴᠠᠭ᠎ᠠ ᠥᠷᠨᠢᠭᠦᠯᠦᠨ᠎ᠡ᠃ ᠤᠬᠠᠭᠤᠯᠤᠨ ᠲᠠᠶᠢᠯᠪᠤᠷᠢᠯᠠᠬᠤ ᠪᠦᠷᠢᠯᠳᠦᠭᠦᠨ ᠨᠠᠷ ︽ᠵᠣᠭᠤᠭ ᠳᠡᠯᠭᠡᠬᠦ︾ ᠬᠡᠯᠪᠡᠷᠢ ᠪᠠᠷ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠲᠣᠳᠣᠷᠬᠠᠶᠢᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠲᠡᠩᠴᠡᠭᠦᠷᠢ ᠶᠢᠨ ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ ᠲᠦᠷᠦ ᠶᠢᠨ ᠪᠣᠳᠣᠯᠭ᠎ᠠ ᠶᠢᠨ ᠲᠠᠷᠢᠬᠢ ᠲᠣᠯᠣᠭᠠᠢ ᠳᠤ ᠬᠠᠳᠠᠩᠰᠢᠬᠤ ᠶᠢ ᠦᠨᠡᠨᠬᠦ ᠪᠠᠲᠤᠯᠠᠪᠠ᠃ ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ︽ᠠᠮᠠᠯᠠᠯᠲᠠ ᠶᠢᠨ ᠪᠠᠲᠤᠯᠠᠭ᠎ᠠ ᠶᠢᠨ ᠪᠢᠴᠢᠭ︾ ᠲᠣᠭᠲᠠᠵᠤ᠂ ᠡᠪᠳᠡᠭᠳᠡᠭᠰᠡᠨ ᠣᠶᠢᠲᠤ ᠭᠠᠵᠠᠷ᠂ ᠡᠪᠡᠰᠦᠲᠦ ᠭᠠᠵᠠᠷ᠂ ᠴᠢᠭᠢᠭᠯᠢᠭ ᠭᠠᠵᠠᠷ ᠲᠤ ᠳᠠᠬᠢᠨ ᠲᠠᠷᠢᠶᠠᠯᠠᠬᠤ ᠶᠢ ᠴᠠᠭᠠᠵᠠᠯᠠᠨ᠎ᠠ᠂ ᠡᠰᠡ ᠲᠡᠭᠡᠪᠡᠯ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠳᠣᠷᠬᠠᠢ ᠲᠣᠭᠲᠠᠭᠠᠵᠠᠢ᠃ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠬᠢ ᠰᠤᠷᠪᠤᠯᠵᠢ ᠠᠴᠠ ᠨᠢ ᠬᠤᠷᠢᠭᠯᠠᠨ ᠵᠣᠭᠰᠣᠭᠠᠨ᠎ᠠ᠃    ᠤᠯᠠᠭᠠᠨ ᠥᠩᠭᠡ ᠶᠢᠨ ᠰᠡᠷᠡᠮᠵᠢᠯᠡᠭᠦᠯᠦᠯ᠄ ᠬᠠᠤᠯᠢ ᠶᠢ ᠵᠥᠷᠢᠴᠡᠭᠰᠡᠨ ᠭᠠᠵᠠᠷ ᠲᠤ ᠰᠡᠷᠡᠮᠵᠢᠯᠡᠭᠦᠯᠬᠦ ︽ᠰᠡᠷᠭᠡᠶᠢᠯᠡᠯᠲᠡ ᠶᠢᠨ ᠬᠡᠷᠡᠮ︾ ᠪᠣᠰᠬᠠᠪᠠ    ᠤᠢ ᠮᠣᠳᠣ ᠡᠪᠡᠰᠦ ᠪᠡᠯᠴᠢᠭᠡᠷ ᠢ ᠰᠦᠢᠳᠬᠡᠵᠦ ᠴᠢᠭᠢᠭ ᠢ ᠰᠦᠢᠳᠬᠡᠵᠦ ᠬᠠᠤᠯᠢ ᠠᠴᠠ ᠵᠥᠷᠢᠴᠡᠭᠰᠡᠨ ᠬᠡᠰᠡᠭ ᠭᠠᠵᠠᠷ ᠲᠤ ᠴᠢᠭᠯᠡᠭᠦᠯᠦᠨ ︽ᠤᠯᠠᠭᠠᠨ ᠦᠩᠭᠡ ᠶᠢᠨ ᠰᠡᠷᠭᠡᠶᠢᠯᠡᠯᠡᠲᠡ︾ ᠠᠵᠢᠯ ᠢ ᠬᠢᠪᠡ᠃ ᠬᠠᠮᠢᠶ᠎ᠠ ᠪᠦᠬᠦᠢ ᠭᠠᠵᠠᠷ ᠲᠤ ︽ᠣᠶᠢᠲᠤ ᠭᠠᠵᠠᠷ ᠢ ᠡᠪᠳᠡᠭᠰᠡᠨ ᠬᠡᠰᠡᠭ ᠲᠤ ᠲᠠᠷᠢᠶᠠᠯᠠᠬᠤ ᠶᠢ ᠴᠢᠩᠭ᠎ᠠ ᠴᠠᠭᠠᠵᠠᠯᠠᠨ᠎ᠠ︾ ︽ᠲᠠᠷᠢᠶᠠᠯᠠᠬᠤ ᠶᠢ ᠴᠠᠭᠠᠵᠠᠯᠠᠨ᠎ᠠ︾ ᠭᠡᠬᠦ ᠮᠡᠲᠦ ᠶᠢᠨ ᠢᠯᠡ ᠲᠣᠳᠣ ᠯᠣᠽᠦ᠋ᠩ ᠳᠠᠷᠤᠮᠠᠯᠯᠠᠭᠰᠠᠨ ᠰᠡᠷᠡᠮᠵᠢ ᠶᠢᠨ ᠲᠤᠭ ᠪᠠ ᠰᠡᠷᠡᠮᠵᠢ ᠶᠢᠨ ᠫᠠᠶᠢᠰᠠ ᠡᠯᠭᠦᠵᠦ᠂ ᠬᠠᠷᠠᠭᠠᠨ ᠰᠡᠷᠡᠯ ᠤᠨ ᠳᠠᠭᠠᠷᠢᠯᠲᠠ ᠶᠢ ᠪᠣᠶ ᠪᠣᠯᠭᠠᠨ᠎ᠠ︔ ᠲᠠᠷᠢᠶᠠᠯᠠᠬᠤ ᠶᠢ ᠴᠠᠭᠠᠵᠠᠯᠠᠬᠤ ᠰᠡᠷᠡᠮᠵᠢ ᠶᠢᠨ ᠫᠠᠶᠢᠰᠠ ᠳᠡᠭᠡᠷ᠎ᠡ ᠴᠠᠭᠠᠵᠠᠯᠠᠬᠤ ᠵᠠᠷᠯᠢᠭ ᠤᠨ ᠠᠭᠤᠯᠭ᠎ᠠ ᠶᠢ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ ᠪᠠᠰᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠬᠠᠷᠢᠭᠤᠴᠠᠯᠭᠠᠲᠠᠨ᠂ ᠢᠯᠡᠴᠢᠯᠡᠨ ᠮᠡᠳᠡᠭᠦᠯᠬᠦ ᠤᠲᠠᠰᠤ ᠵᠡᠷᠭᠡ ᠶᠢ ᠨᠡᠶᠢᠲᠡᠯᠡᠵᠦ᠂ ᠬᠠᠤᠯᠢ ᠠᠴᠠ ᠵᠥᠷᠢᠴᠡᠭᠰᠡᠨ ᠭᠠᠵᠠᠷ ᠢ ︽ᠰᠡᠷᠡᠮᠵᠢᠯᠡᠭᠦᠯᠬᠦ ᠬᠥᠮᠦᠵᠢᠯ ᠤᠨ ᠲᠤᠬᠠᠢ ᠶᠢᠨ ᠲᠠᠯᠠᠪᠤᠷ︾ ᠪᠣᠯᠭᠠᠨ ᠴᠣᠬᠢᠪᠠ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠤᠭᠰᠠᠨ ᠭᠠᠵᠠᠷ ᠢ ᠬᠥᠳᠡᠯᠦᠩᠭᠦᠢ ᠪᠠᠷ ᠲᠣᠭᠤᠷᠢᠨ ᠪᠠᠶᠢᠴᠠᠭᠠᠵᠤ᠂ ᠠᠮᠢ ᠠᠬᠤᠢ ᠶᠢ ᠰᠡᠷᠭᠦᠭᠡᠬᠦ ᠠᠵᠢᠯ ᠢ ᠪᠣᠳᠠᠲᠠᠢ ᠬᠡᠷᠡᠭᠵᠢᠭᠦᠯᠬᠦ ᠶᠢ ᠦᠨᠡᠨ ᠬᠦ  ᠪᠠᠲᠣᠯᠠᠨ᠎ᠠ᠃    ᠳᠠᠷᠠᠭᠠᠴᠢ ᠶᠢᠨ ᠠᠯᠬᠤᠮ ᠳᠤ᠂ ᠳᠠᠭᠤᠷ ᠦᠨᠳᠦᠰᠦᠲᠡᠨ ᠤ ᠰᠢᠶᠠᠩ ᠤᠨ ᠬᠢᠨ ᠦᠷᠭᠦᠯᠵᠢᠯᠡᠨ ᠬᠦᠴᠦᠯᠡᠵᠦ᠂ ᠠᠯᠢ ᠤᠯᠠᠨ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠦᠬᠦ ᠠᠷᠠᠳ ᠢᠶᠠᠷ ᠢᠶᠠᠨ ᠣᠷᠣᠯᠴᠠᠵᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠬᠢᠭ ᠢ ᠰᠦᠢᠳᠬᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠨ ᠤ ᠬᠥᠯ ᠳᠣᠣᠷᠠᠬᠢ ᠬᠥᠬᠡᠮᠳᠦᠭ ᠨᠣᠭᠤᠭᠠᠨ ᠠᠭᠤᠯᠠ ᠤᠰᠤ ᠪᠠᠨ ᠬᠠᠮᠲᠤᠪᠠᠷ ᠰᠠᠬᠢᠨ ᠬᠠᠮᠠᠭᠠᠯᠠᠨ᠎ᠠ︕  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ