ᠬᠠᠪᠤᠷ ᠲᠡᠭᠦᠰᠴᠦ ᠵᠤᠨ ᠤ ᠡᠬᠢᠯᠡᠯ ᠪᠠᠷ᠂ ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠲᠠᠬᠢ ᠬᠤᠷᠴᠠ ᠤᠯᠠᠭᠠᠨ ᠴᠡᠴᠡᠭ ᠤᠨ | ᠲᠠᠯᠠᠢ ᠳᠤ ᠬᠠᠮᠤᠭ ᠤᠨ ᠰᠠᠶᠢᠨ ᠰᠣᠨᠢᠷᠬᠠᠬᠤ ᠬᠤᠭᠤᠴᠠᠭ᠎ᠠ ᠶᠢ ᠤᠭᠲᠤᠨ ᠠᠪᠴᠢᠷᠠᠵᠤ᠂ ᠬᠡᠳᠦᠨ ᠲᠦᠮᠡᠨ ᠵᠤᠭᠠᠴᠠᠭᠰᠠᠳ ᠬᠤᠶᠢᠨ᠎ᠠ ᠠᠴᠠ ᠪᠠᠨ ᠬᠦᠷᠦᠯᠴᠡᠨ | ᠢᠷᠡᠨ᠎ᠠ᠃ ᠵᠣᠭᠠᠴᠠᠭᠰᠠᠳ ᠵᠢᠴᠢ ᠬᠤᠳᠠ ᠶᠢᠨ ᠠᠷᠠᠳ ᠤᠨ ᠲᠠᠭᠠᠯᠠᠮᠵᠢᠲᠠᠢ᠂ ᠡᠮᠬᠢ ᠳᠢᠭᠯᠢᠮ ᠲᠠᠢ ᠪᠠᠷ ᠴᠡᠴᠡᠭ ᠰᠣᠨᠢᠷᠬᠠᠭᠤᠯᠬᠤ ᠶᠢ ᠪᠠᠲᠤᠯᠠᠬᠤ ᠶᠢᠨ ᠲᠥᠯᠥᠭᠡ᠂ | ᠵᠡᠭᠡᠯᠢ ᠭᠤᠳᠤᠮᠵᠢ ᠶᠢᠨ ᠬᠢᠨ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠭᠲᠠ ᠪᠠᠶᠢᠷᠢᠯᠠᠭᠤᠯᠵᠤ᠂ ᠦᠢᠯᠡᠴᠢᠯᠡᠭᠡ ᠪᠠᠲᠤᠯᠠᠭ᠎ᠠ ᠪᠠᠨ ᠦᠷᠭᠦᠯᠵᠢᠯᠡᠨ ᠴᠢᠩᠭᠠᠳᠬᠠᠵᠤ | ᠂ ᠴᠡᠴᠡᠭ ᠤᠨ ᠲᠠᠯᠠᠢ ᠶᠢᠨ ᠦᠪᠡᠳᠡᠭᠰᠢ ᠦᠵᠡᠮᠵᠢ ᠶᠢ ᠪᠦᠬᠦ ᠲᠠᠯ᠎ᠠ ᠪᠠᠷ ᠰᠠᠬᠢᠨ ᠬᠠᠮᠠᠭᠠᠯᠠᠪᠠ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ︽ᠲᠠᠰᠤᠷᠠᠯᠲᠠ ᠦᠭᠡᠢ ᠵᠠᠯᠭᠠᠭᠤᠯᠵᠤ︾᠂ ᠳᠣᠲᠣᠨᠣ ᠠᠷᠭ᠎ᠠ ᠬᠡᠮᠵᠢᠶ᠎ᠡ ᠨᠢ ᠬᠥᠮᠥᠰ ᠤᠨ ᠰᠡᠳᠬᠢᠯ ᠢ | ᠳᠤᠯᠠᠭᠠᠴᠠᠭᠤᠯᠤᠨ᠎ᠠ᠃ ᠭᠤᠣᠯ ᠤᠨ ᠪᠠᠷᠠᠭᠤᠨᠳᠡᠬᠢ ᠵᠡᠭᠡᠯᠢ ᠭᠤᠲᠣᠮᠵᠢ ᠨᠢ ᠶᠢᠩ ᠱᠠᠨ ᠬᠤᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠳᠤ | ᠲᠦᠰᠢᠭᠯᠡᠨ᠂ ᠣᠯᠠᠨ ᠲᠦᠮᠡᠨ ᠤ ᠪᠣᠳᠠᠲᠤ ᠬᠡᠷᠡᠭᠴᠡᠭᠡ ᠲᠠᠢ ᠤᠶᠠᠯᠳᠤᠭᠤᠯᠵᠤ᠂ ᠲᠦᠷ ᠠᠮᠠᠷᠠᠬᠤ ᠰᠠᠭᠤᠳᠠᠯ ᠤᠨ ᠲᠣᠭᠤᠷᠢᠭ ᠪᠠ ᠰᠦᠢᠳᠬᠡᠯ ᠬᠤᠷᠢᠶᠠᠬᠤ ᠦᠭᠡᠢ | ᠴᠠᠢ ᠤᠰᠤᠨ ᠤ ᠦᠢᠯᠡᠴᠢᠯᠡᠭᠡᠨ ᠤ ᠲᠣᠭᠤᠷᠢᠭ ᠢ ᠨᠡᠮᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ᠂ ᠪᠣᠷᠣᠭᠠᠨ ᠤ ᠰᠢᠬᠦᠷ ᠲᠦᠷᠢᠶᠡᠰᠦᠯᠡᠬᠦ᠂ | ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠴᠡᠨᠡᠭᠯᠡᠬᠦ ᠪᠠ ᠬᠠᠳᠠᠭᠠᠯᠠᠭᠤᠯᠬᠤ ᠵᠡᠷᠭᠡ ᠦᠢᠯᠡᠴᠢᠯᠡᠭᠡ ᠶᠢ ᠬᠠᠩᠭᠠᠵᠤ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠬᠦᠷᠦᠯᠴᠡᠬᠦ ᠲᠠᠯ᠎ᠠ ᠶᠢ ᠲᠠᠰᠤᠷᠠᠯᠲᠠ ᠦᠭᠡᠢ ᠤᠷᠲᠤᠳᠬᠠᠬᠤ ᠶᠢ ᠠᠬᠢᠭᠤᠯᠤᠨ᠂ ᠣᠯᠠᠨ ᠲᠦᠮᠡᠨ ᠳᠤ ᠦᠢᠯᠡᠴᠢᠯᠡᠬᠦ ᠳᠤ ︽ᠵᠠᠢ ᠦᠭᠡᠢ︾ | ᠪᠠᠶᠢᠬᠤ ᠶᠢ ᠪᠡᠶᠡᠯᠡᠭᠦᠯᠦᠨ᠎ᠡ᠃ ᠵᠡᠭᠡᠯᠢ ᠭᠤᠳᠤᠮᠵᠢ ᠶᠢᠨ ᠬᠢᠨ 100 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ︽ ᠴᠡᠴᠡᠭ ᠤᠨ | ᠳᠠᠯᠠᠢ ᠶᠢᠨ ᠠᠶᠠᠯᠠᠯ ᠬᠠᠮᠠᠭᠠᠯᠠᠬᠤ ᠠᠩᠭᠢ︾ ᠶᠢ ᠪᠠᠶᠢᠭᠤᠯᠵᠤ᠂ ᠡᠳᠦᠷ ᠪᠦᠷᠢ ᠶᠢᠨ ᠥᠷᠯᠥᠭᠡ ᠶᠢᠨ 8 ᠴᠠᠭ ᠠᠴᠠ ᠣᠷᠣᠢ ᠶᠢᠨ 9 ᠴᠠᠭ ᠪᠣᠯᠲᠠᠯ᠎ᠠ ᠵᠢᠵᠢᠭᠦᠷᠯᠡᠨ | ᠰᠠᠬᠢᠵᠤ᠂ ᠵᠤᠭᠠᠴᠠᠭᠰᠠᠳ ᠪᠣᠯᠣᠨ ᠬᠤᠳᠠ ᠶᠢᠨ ᠠᠷᠠᠳ ᠲᠤ ᠡᠯ᠎ᠡ ᠲᠦᠷᠦᠯ ᠤᠨ ᠦᠢᠯᠡᠴᠢᠯᠡᠭᠡ ᠶᠢ ᠨᠡᠶᠢᠳᠡ 2 ᠲᠦᠮᠡ ᠭᠠᠷᠤᠢ ᠬᠥᠮᠥᠨ ᠤᠳᠠᠭ᠎ᠠ ᠬᠠᠩᠭᠠᠵᠠᠢ᠃ | ᠡᠭᠦᠨ ᠳᠤ ᠤᠰᠤ ᠤᠮᠳᠠ ᠶᠢᠨ ᠦᠢᠯᠡᠴᠢᠯᠡᠭᠡ ᠶᠢ 7000 ᠬᠥᠮᠥᠨ ᠤᠳᠠᠭ᠎ᠠ᠂ ᠴᠠᠬᠢᠯᠭᠠᠨ ᠴᠡᠨᠡᠭᠯᠡᠬᠦ ᠦᠢᠯᠡᠴᠢᠯᠡᠭᠡ ᠶᠢ 900 ᠬᠥᠮᠥᠨ ᠤᠳᠠᠭ᠎ᠠ᠂ ᠬᠠᠳᠠᠭᠠᠯᠠᠭᠤᠯᠬᠤ | ᠦᠢᠯᠡᠴᠢᠯᠡᠭᠡ ᠶᠢ 800 ᠬᠥᠮᠥᠨ ᠤᠳᠠᠭ᠎ᠠ᠂ ᠠᠮᠠᠷᠠᠭᠤᠯᠬᠤ ᠦᠢᠯᠡᠴᠢᠯᠡᠭᠡ ᠶᠢ 5000 ᠬᠥᠮᠥᠨ ᠤᠳᠠᠭ᠎ᠠ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ | ᠳᠣᠣᠷ᠎ᠠ ᠡᠪᠡᠳᠴᠢᠲᠡᠨ ᠢ ᠪᠠᠴᠢᠮ ᠠᠪᠤᠷᠠᠨ ᠲᠤᠰᠠᠯᠠᠬᠤ ᠵᠡᠷᠭᠡ ᠳᠥᠭᠦᠮᠬᠡᠨ ᠡᠮᠴᠢᠯᠡᠭᠡᠨ ᠤ ᠦᠢᠯᠡᠴᠢᠯᠡᠭᠡ ᠶᠢ 1000 ᠬᠥᠮᠥᠨ ᠤᠳᠠᠭ᠎ᠠ ᠬᠠᠩᠭᠠᠵᠤ᠂ ᠠᠰᠠᠭᠤᠨ | ᠯᠠᠪᠯᠠᠬᠤ ᠦᠢᠯᠡᠴᠢᠯᠡᠭᠡ ᠶᠢ 3000 ᠬᠥᠮᠥᠨ ᠤᠳᠠᠭ᠎ᠠ ᠵᠢᠭᠠᠨ ᠵᠢᠯᠣᠭᠤᠳᠪᠠ᠃ | ︽ᠣᠷᠣᠨ ᠪᠠᠶᠢᠷᠢ ᠠᠴᠠ ᠨᠢ ᠦᠯᠦ ᠳᠤᠲᠠᠭᠤᠯᠬᠤ︾ ᠶᠢ ᠤᠬᠠᠭᠤᠯᠤᠨ ᠬᠥᠲᠥᠯᠥᠨ ᠳᠠᠭᠠᠭᠤᠯᠵᠤ᠂ ᠪᠣᠯᠪᠠᠰᠤᠨ ᠤ ᠣᠶᠢᠯᠠᠭᠠᠭᠳᠠᠬᠤᠨ ᠬᠥᠮᠥᠰ ᠤᠨ | ᠰᠡᠳᠬᠢᠯ ᠳᠤ ᠬᠠᠳᠠᠩᠰᠢᠪᠠ᠃ ᠵᠡᠭᠡᠯᠢ ᠭᠤᠳᠤᠮᠵᠢ ᠶᠢᠨ ᠬᠢᠨ ︽ᠪᠥᠬᠦ ᠲᠠᠯ᠎ᠠ ᠶᠢᠨ᠂ ᠣᠯᠠᠨ ᠠᠷᠭ᠎ᠠ ᠵᠠᠮ︾ ᠤᠨ ᠤᠬᠠᠭᠤᠯᠭ᠎ᠠ ᠶᠢᠨ ᠵᠠᠭᠪᠤᠷ ᠢᠶᠠᠷ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠥᠷᠭᠡᠨ ᠢᠶᠠᠷ ᠤᠬᠠᠭᠤᠯᠵᠤ᠂ ᠵᠤᠭᠠᠴᠠᠭᠰᠠᠳ ᠵᠢᠴᠢ ᠬᠤᠲᠠ ᠶᠢᠨ ᠠᠷᠠᠳ ᠢ ᠪᠥᠬᠦ ᠲᠠᠯ᠎ᠠ ᠪᠠᠷ ᠬᠠᠮᠤᠷᠪᠠ᠃ ᠰᠦᠯᠵᠢᠶᠡᠨ ᠳᠡᠭᠡᠷ᠎ᠡ | ᠂ ᠰᠦᠯᠵᠢᠶᠡᠨ ᠤ ᠠᠵᠢᠯᠲᠠᠨ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ ᠪᠣᠯᠪᠠᠰᠤᠨ ᠢᠶᠠᠷ ᠶᠠᠪᠤᠵᠤ ᠰᠠᠭᠤᠬᠤ ᠪᠠ ᠬᠠᠪᠤᠷ ᠤᠨ ᠤᠯᠠᠷᠢᠯ ᠤᠨ ᠵᠢᠭᠤᠯᠴᠢᠯᠠᠯ ᠤᠨ | ᠠᠮᠤᠷ ᠲᠦᠪᠰᠢᠨ ᠤ ᠰᠠᠨᠠᠭᠤᠯᠤᠮᠵᠢ ᠬᠦᠷᠭᠡᠵᠦ᠂ ᠵᠢᠭᠤᠯᠴᠢᠯᠠᠭᠴᠢ᠂ ᠬᠤᠲᠠ ᠶᠢᠨ ᠠᠷᠠᠳ ᠤᠨ ᠶᠠᠪᠤᠵᠤ ᠰᠠᠭᠤᠬᠤ ᠠᠴᠠ ᠪᠠᠨ ᠡᠮᠦᠨ᠎ᠡ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠣᠶᠢᠯᠠᠭᠠᠵᠤ᠂ ᠭᠦᠢᠴᠡᠳ ᠪᠡᠯᠡᠳᠬᠡᠯ ᠬᠢᠬᠦ ᠶᠢ ᠦᠨᠡᠨ ᠬᠦ ᠪᠠᠲᠤᠯᠠᠨ᠎ᠠ︔ ᠰᠦᠯᠵᠢᠶᠡᠨ ᠭᠠᠳᠠᠨ᠎ᠠ᠂ ᠦᠵᠡᠮᠵᠢ ᠶᠢᠨ ᠣᠷᠣᠨ ᠤ ᠣᠷᠣᠬᠤ ᠡᠭᠦᠳᠡ᠂ | ᠴᠡᠴᠡᠭ ᠰᠣᠨᠢᠷᠬᠠᠬᠤ ᠭᠠᠵᠠᠷ᠂ ᠲᠡᠷᠭᠡᠨ ᠵᠣᠭᠰᠣᠭᠠᠯ ᠵᠡᠷᠭᠡ ᠬᠥᠮᠥᠨ ᠣᠯᠠᠨ ᠴᠤᠭᠯᠠᠷᠠᠳᠠᠭ ᠭᠠᠵᠠᠷ ᠣᠷᠣᠨ ᠳᠤ᠂ ᠰᠠᠶᠢᠨ ᠳᠤᠷ᠎ᠠ ᠶᠢᠨ ᠠᠵᠢᠯᠯᠠᠭᠴᠢᠳ | ᠵᠤᠭᠠᠴᠠᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠦᠵᠡᠮᠵᠢ ᠶᠢᠨ ᠣᠷᠣᠨ ᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠷᠴᠢᠨ | ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠪᠣᠯᠪᠠᠰᠤᠨ ᠢᠶᠠᠷ ᠴᠡᠴᠡᠭᠰᠣᠨᠢᠷᠬᠠᠭᠤᠯᠤᠨᠠ᠃ ᠪᠣᠯᠪᠠᠰᠤᠨ ᠵᠤᠭᠠᠴᠠᠯ ᠤᠨ ᠰᠠᠨᠠᠭᠠᠴᠢᠯᠠᠭ᠎ᠠ ᠶᠢᠨ ᠪᠢᠴᠢᠭ᠂ ᠬᠠᠪᠤᠷ ᠤᠨ | ᠤᠯᠠᠷᠢᠯ ᠤᠨ ᠭᠠᠯ ᠢ ᠰᠡᠷᠭᠡᠶᠢᠯᠡᠬᠦ ᠳᠤ ᠡᠷᠬᠡᠪᠰᠢ ᠮᠡᠳᠡᠬᠦ ᠵᠦᠢᠯ᠂ ᠮᠡᠬᠡᠯᠡᠯ ᠢ ᠡᠰᠡᠷᠭᠦᠴᠡᠬᠦ ᠶᠡᠷᠦ ᠶᠢᠨ ᠮᠡᠳᠡᠯᠭᠡ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ | 3000 ᠭᠠᠷᠤᠢ ᠬᠤᠪᠢ ᠲᠠᠷᠬᠠᠭᠠᠵᠤ᠂ ᠰᠠᠶᠢᠨ ᠳᠤᠷ᠎ᠠ ᠶᠢᠨ ᠠᠵᠢᠯᠯᠠᠭᠴᠢ ᠠᠵᠢᠯᠯᠠᠭ᠎ᠠ ᠪᠠᠷ ᠢᠶᠠᠨ ᠨᠡᠩ ᠤᠯᠠᠨ ᠵᠤᠭᠠᠴᠠᠭᠰᠠᠳ ᠢ ᠳᠠᠶᠢᠴᠢᠯᠠᠨ ᠪᠣᠯᠪᠠᠰᠤᠨ | ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠪᠣᠯᠪᠠᠰᠤᠨ ᠤ ᠣᠶᠢᠯᠠᠭᠠᠭᠳᠠᠬᠤᠨ ᠪᠣᠯᠣᠨ ᠬᠤᠷᠴᠠ ᠤᠯᠠᠭᠠᠨ ᠴᠡᠴᠡᠭ ᠤᠨ ᠳᠠᠯᠠᠢ ᠶᠢ ᠰᠣᠯᠪᠢᠴᠠᠭᠤᠯᠤᠨ ᠬᠡᠷᠡᠯᠳᠦᠭᠦᠯᠵᠡᠢ᠃ | ᠣᠷᠴᠢᠨ ᠠᠬᠤᠢ ᠶᠢ ᠴᠡᠭᠴᠡᠯᠡᠨ ᠵᠠᠰᠠᠬᠤ ᠳᠤ ︽ᠰᠤᠯᠠᠷᠠᠭᠤᠯᠤᠯ ᠦᠭᠡᠢ︾ ᠪᠠᠶᠢᠵᠤ᠂ ᠴᠡᠪᠡᠷ ᠴᠡᠮᠴᠡᠭᠡᠷ ᠰᠢᠨ᠎ᠡ ᠳᠦᠷᠰᠦ ᠪᠠᠶᠢᠳᠠᠯ ᠲᠠᠢ ᠪᠣᠯᠭᠠᠨ᠎ᠠ᠃ ᠵᠡᠭᠡᠯᠢ | ᠭᠤᠳᠤᠮᠵᠢ ᠶᠢᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠲᠦᠷᠦᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠦᠵᠡᠮᠵᠢ ᠶᠢᠨ ᠣᠷᠣᠨ ᠤ ᠡᠷᠬᠢᠨ ᠲᠣᠭᠤᠷᠢᠨ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠳᠤ ᠲᠣᠣᠷ ᠲᠠᠲᠠᠬᠤ ᠮᠠᠶ᠋ᠢᠭ ᠤᠨ ᠠᠷᠢᠭᠤᠨ ᠴᠡᠪᠡᠷ ᠢ | ᠬᠡᠷᠡᠭᠵᠢᠭᠦᠯᠵᠦ᠂ ᠠᠷᠢᠭᠤᠨ ᠴᠡᠪᠡᠷ ᠤᠨ ︽ᠦᠯᠦ ᠣᠨᠣᠭᠳᠠᠬᠤ ᠭᠠᠵᠠᠷ︾ ᠪᠠ ︽ᠪᠠᠯᠠᠢ ᠭᠠᠵᠠᠷ︾ ᠢ ᠪᠦᠬᠦ ᠲᠠᠯ᠎ᠠ ᠪᠠᠷ ᠴᠡᠪᠡᠷᠯᠡᠨ ᠠᠷᠢᠯᠭᠠᠪᠠ᠃ ᠴᠡᠪᠡᠷᠯᠡᠬᠦ | ᠶᠠᠪᠤᠴᠠ ᠳᠤ᠂ ᠴᠠᠭᠠᠨ ᠥᠩᠭᠡ ᠶᠢᠨ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠳᠤ ᠴᠢᠭᠯᠡᠭᠦᠯᠦᠨ ︽ᠪᠦᠬᠦᠨ ᠢ | ᠪᠦᠷᠬᠦᠭᠦᠯᠬᠦ᠂ ᠲᠣᠣᠷ ᠲᠠᠲᠠᠬᠤ ᠮᠠᠶ᠋ᠢᠭ︾ ᠤᠨ ᠴᠡᠪᠡᠷᠯᠡᠯᠲᠡ ᠬᠢᠵᠦ᠂ ᠨᠢᠭᠡ ᠭᠠᠵᠠᠷ ᠢ ᠴᠡᠪᠡᠷᠯᠡᠵᠦ᠂ ᠨᠢᠭᠡ ᠭᠠᠵᠠᠷ ᠢ ᠵᠢᠷᠤᠮᠵᠢᠭᠤᠯᠤᠨ᠂ ᠨᠢᠭᠡ ᠭᠠᠵᠠᠷ ᠴᠡᠪᠡᠷ | ᠪᠣᠯᠬᠤ ᠶᠢ ᠪᠡᠶᠡᠯᠡᠭᠦᠯᠦᠨ᠎ᠡ᠃ ᠣᠲᠣ ᠪᠣᠯᠲᠠᠯ᠎ᠠ᠂ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠤ ᠬᠤᠰᠢᠭᠤᠴᠢ᠂ ᠦᠲᠡᠯᠦᠭᠰᠡᠨ ︽ᠰᠠᠶᠢᠨ ᠳᠤᠷ᠎ᠠ ᠶᠢᠨ | ᠠᠵᠢᠯᠯᠠᠭᠴᠢ︾ ᠶᠢ ᠨᠡᠶᠢᠲᠡ 200 ᠭᠠᠷᠤᠢ ᠬᠥᠮᠥᠨ ᠤᠳᠠᠭ᠎ᠠ ᠬᠥᠳᠡᠯᠭᠡᠵᠦ᠂ 10 ᠭᠤᠬ᠎ᠠ ᠮᠠᠰᠢᠨ᠂ 40 ᠭᠠᠷᠤᠢ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠶᠢ | ᠬᠥᠳᠡᠯᠭᠡᠵᠦ᠂ ᠬᠠᠷᠢᠶ᠎ᠠ ᠣᠷᠣᠨ ᠤ ᠪᠠᠨ ᠬᠤᠭ ᠨᠣᠪᠰᠢ ᠶᠢ ᠨᠡᠶᠢᠲᠡ 60 ᠭᠠᠷᠤᠢ ᠲᠣᠨ ᠴᠡᠪᠡᠷᠯᠡᠵᠦ᠂ ᠡᠯ᠎ᠡ ᠲᠥᠷᠥᠯ ᠤᠨ ᠡᠷᠡᠭᠦᠯ ᠬᠠᠮᠠᠭᠠᠯᠠᠯ ᠤᠨ ᠥᠯᠥ | ᠣᠨᠣᠭᠳᠠᠬᠤ ᠥᠨᠴᠥᠭ ᠪᠤᠯᠤᠩ ᠢ ᠨᠡᠶᠢᠲᠡ 130 ᠭᠠᠷᠤᠢ ᠴᠡᠪᠡᠷᠯᠡᠵᠡᠢ᠃ | ᠴᠡᠴᠡᠭ ᠰᠣᠨᠢᠷᠬᠠᠬᠤ ᠤᠯᠠᠷᠢᠯ ᠤᠨ ᠬᠤᠭᠤᠴᠠᠭᠠᠨ ᠳᠤ᠂ ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠬᠢᠨ ︽ᠦᠢᠯᠡᠴᠢᠯᠡᠭᠡ ᠲᠠᠰᠤᠷᠠᠯ ᠦᠭᠡᠢ᠂ | ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ᠂ ᠴᠡᠭᠴᠡᠯᠡᠨ ᠵᠠᠰᠠᠬᠤ ᠶᠢ ᠰᠤᠯᠠᠷᠠᠭᠤᠯᠤᠯ ᠦᠭᠡᠢ ᠪᠠᠶᠢᠯᠭᠠᠬᠤ︾ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ | ᠵᠢᠭᠤᠯᠴᠢᠯᠠᠭᠴᠢᠳ ᠤᠨ ᠣᠶᠢᠯᠠᠭᠠᠯᠲᠠ ᠪᠠ ᠣᠷᠴᠢᠨ ᠠᠬᠤᠢ ᠶᠢᠨ ᠴᠢᠨᠠᠷ ᠴᠢᠨᠰᠠᠭ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠡᠢ᠃ ᠳᠠᠷᠠᠭᠠᠴᠢ ᠶᠢᠨ ᠠᠯᠬᠤᠮ ᠳᠤ᠂ | ᠵᠡᠭᠡᠯᠢ ᠭᠤᠳᠤᠮᠵᠢ ᠶᠢᠨ ᠬᠢᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠪᠣᠯᠣᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠴᠡᠴᠡᠭ ᠰᠣᠨᠢᠷᠬᠠᠬᠤ ᠤᠯᠠᠷᠢᠯ ᠤᠨ ᠦᠢᠯᠡᠴᠢᠯᠡᠭᠡᠨ ᠤ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠣᠨᠴᠠᠯᠢᠭᠲᠤ ᠠᠷᠠᠳ ᠲᠤ ᠲᠦᠬᠦᠮ | ᠦᠵᠡᠭᠦᠯᠬᠦ ᠦᠢᠯᠡᠴᠢᠯᠡᠭᠡ ᠶᠢ ᠪᠠᠶᠢᠩᠭᠤᠵᠢᠭᠤᠯᠬᠤ ᠲᠣᠭᠲᠠᠴᠠ ᠳᠤ ᠣᠷᠣᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠥᠳᠡᠯᠦᠩᠭᠦᠢ ᠲᠣᠭᠤᠷᠢᠨ | ᠪᠠᠶᠢᠴᠠᠭᠠᠬᠤ ᠳᠦᠷᠢᠮ ᠢ ᠪᠦᠷᠢᠨᠰᠢᠭᠦᠯᠦᠨ᠎ᠡ᠃ ᠨᠡᠩ ᠰᠢᠯᠢᠳᠡᠭ ᠦᠢᠯᠡᠴᠢᠯᠡᠭᠡ᠂ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢᠶᠠᠷ | ᠬᠠᠷᠢᠶ᠎ᠠᠣᠷᠣᠨ ᠤ ᠪᠠᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ︽ᠪᠣᠯᠪᠠᠰᠤᠨ ᠤ ᠴᠡᠴᠡᠭ︾ ᠪᠠ ︽ᠬᠤᠷᠴᠠ ᠤᠯᠠᠭᠠᠨ | ᠴᠡᠴᠡᠭ ᠤᠨ ᠳᠠᠯᠠᠢ︾ ᠶᠢ ᠳᠦᠷᠪᠡᠨ ᠤᠯᠠᠷᠢᠯ ᠳᠤ ᠳᠡᠯᠭᠡᠷᠡᠭᠦᠯᠦᠨ᠎ᠡ᠃ | | | |