ᠹᠠᠨ  ᠷᠦᠩ ᠵᠡᠭᠡᠯᠢ ᠭᠤᠳᠤᠮᠵᠢ᠄ ︽ᠨᠠᠮ ᠤᠨ ᠪᠠᠶᠢᠭᠤᠯᠤᠯᠲᠠ ᠶᠢᠨ ᠤᠯᠠᠭᠠᠨ︾ ᠳᠤ ︽ᠠᠮᠢ ᠠᠬᠤᠢ ᠶᠢᠨ ᠭᠤᠶᠣ︾ ᠢ ᠲᠤᠰᠬᠠᠨ ᠪᠣᠬᠢᠷᠲᠤᠯ ᠦᠭᠡᠢ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ
ᠨᠡᠶᠢᠲᠡᠯᠡᠭᠰᠡᠨ ᠴᠠᠭ᠄
2025/5/16
    ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠵᠡᠭᠡᠯᠢ ᠭᠤᠳᠤᠮᠵᠢ ᠶᠢ ᠴᠡᠴᠡᠭᠯᠡᠭᠦᠯᠦᠨ ᠬᠥᠭᠵᠢᠭᠦᠯᠵᠦ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ ᠶᠢᠨ ᠤᠯᠠᠭᠠᠨ ᠥᠩᠭᠡ︾ ᠪᠠᠷ ︽ᠠᠮᠢ ᠠᠬᠤᠢ ᠶᠢᠨ ᠭᠤᠶᠤ ᠰᠠᠶᠢᠬᠠᠨ︾ ᠢ ᠬᠥᠲᠥᠯᠥᠨ ᠳᠠᠭᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ  ᠲᠤ᠂ ᠰᠢᠨ  ᠹᠧᠩ ᠨᠡᠶᠢᠭᠡᠮ ᠲᠣᠭᠤᠷᠢᠭ᠂ ᠰᠢᠶᠣᠣ ᠰᠢ ᠨᠡᠶᠢᠭᠡᠮ ᠲᠣᠭᠤᠷᠢᠭ᠂ ᠬᠠᠮᠲᠤᠪᠠᠷ ᠪᠠᠶᠢᠭᠤᠯᠬᠤ ᠨᠢᠭᠡᠴᠡ ᠶᠢ ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃    ᠠᠷᠠᠳ ᠲᠤ ᠲᠥᠬᠦᠮ ᠦᠵᠡᠭᠦᠯᠬᠦ ᠵᠢᠵᠢᠭ ᠲᠠᠯᠠᠪᠠᠶ᠄ ︽ᠪᠣᠬᠢᠷᠲᠤᠯ ᠦᠭᠡᠢ ᠡᠯᠴᠢ︾ ᠬᠠᠮᠲᠤ ᠪᠠᠷ ᠤᠷᠤᠯᠳᠤᠭᠠᠨ ᠳᠤ ᠣᠷᠣᠯᠴᠠᠵᠤ ᠰᠢᠨ᠎ᠡ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠤᠨ᠎ᠠ    ᠬᠠᠷᠢᠶᠠᠲᠤ ᠣᠷᠣᠨ ᠤ ᠠᠷᠠᠳ ᠲᠤ ᠲᠦᠬᠦᠮ ᠦᠵᠡᠭᠦᠯᠬᠦ ᠠᠭᠤᠳᠠᠮ ᠲᠠᠯᠠᠪᠠᠢ ᠳᠤ᠂ ᠰᠢᠶᠣᠣ ᠰᠢ ᠨᠡᠶᠢᠭᠡᠮ ᠲᠣᠭᠤᠷᠢᠭ ᠤᠨ ᠺᠠᠳ᠋ᠷ ᠪᠣᠯᠣᠨ ᠬᠠᠮᠲᠤ ᠪᠠᠷ ᠪᠠᠶᠢᠭᠤᠯᠤᠭᠰᠠᠨ ᠨᠢᠭᠡᠴᠡ ᠶᠢᠨ ᠪᠦᠷᠢᠯᠳᠦᠭᠦᠨ ︽ᠪᠣᠬᠢᠷᠲᠤᠯ ᠦᠭᠡᠢ ᠡᠯᠴᠢ︾ ᠪᠣᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠣᠳᠣ ᠲᠠᠷᠢᠬᠤ ᠠᠵᠢᠯ ᠳᠤ ᠣᠷᠣᠯᠴᠠᠪᠠ᠃ ᠤᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠰᠡᠳᠬᠢᠯ ᠰᠠᠨᠠᠭ᠎ᠠ ᠪᠠᠨ ᠣᠯᠣᠯᠴᠠᠨ᠂ ᠬᠤᠰᠤᠭᠤᠷ ᠬᠤᠷᠤᠶᠢᠯᠠᠵᠤ ᠨᠦᠬᠡ ᠮᠠᠯᠲᠠᠬᠤ ᠠᠴᠠ ᠠᠪᠤᠭᠠᠳ ᠵᠤᠯᠵᠠᠭ᠎ᠠ ᠮᠣᠳᠣ ᠶᠢ ᠵᠠᠯᠠᠵᠤ ᠠᠰᠬᠠᠨ ᠪᠣᠯᠭᠠᠬᠤ ᠬᠦᠷᠲᠡᠯ᠎ᠡ᠂ ᠲᠠᠬᠢᠭᠠᠳ ᠰᠢᠷᠣᠢ  ᠪᠣᠯᠠᠵᠣ ᠪᠠᠬᠢᠵᠢᠭᠦᠯᠬᠦ ᠬᠦᠷᠲᠡᠯ᠎ᠡ᠂ ᠠᠯᠬᠤᠮ ᠪᠦᠷᠢ ᠳᠤ ᠴᠥᠮ ᠵᠦᠢᠷᠯᠡᠰᠢ ᠦᠭᠡᠢ ᠨᠠᠷᠢᠨ ᠨᠢᠮᠪᠠᠢ ᠪᠠᠶᠢᠵᠤ᠂ ᠬᠤᠭᠤᠷᠣᠨᠳᠤ ᠪᠠᠨ  ᠶᠡᠬᠡᠪᠡᠷ ᠰᠠᠶᠢᠬᠠᠨ ᠬᠠᠪᠰᠣᠷᠣᠯᠴᠠᠪᠠ᠃ ᠤᠯᠠᠨ ᠤ ᠰᠢᠷᠭᠠᠭᠤ ᠬᠥᠳᠡᠯᠮᠦᠷᠢ ᠪᠠᠷ ᠲᠠᠮᠵᠢᠨ᠂ ᠨᠢᠭᠡ ᠵᠢᠵᠢᠭ ᠨᠣᠭᠤᠭ᠎ᠠ ᠶᠢᠨ ᠬᠠᠰᠢᠶ᠎ᠠ ᠶᠢ ᠨᠤᠷᠠᠭᠠᠵᠤ᠂ ᠵᠠᠭᠤ ᠭᠠᠷᠤᠢ ᠵᠤᠯᠵᠠᠭ᠎ᠠ ᠮᠣᠳᠣ ᠭᠤᠣᠯ ᠤᠨ ᠵᠠᠮ ᠤᠨ ᠬᠥᠪᠡᠭᠡ ᠪᠠᠷ ᠲᠡᠷᠢ ᠲᠡᠭᠰᠢ  ᠵᠠᠶᠢᠯᠠᠵᠣ᠂ ᠡᠷᠬᠢᠨ ᠲᠣᠭᠤᠷᠢᠨ ᠤ ᠤᠷᠭᠤᠮᠠᠯ ᠲᠠᠢ ᠥᠩᠭᠡ ᠢᠯᠭᠠᠷᠠᠵᠤ᠂ ᠠᠷᠠᠳ ᠲᠤ ᠲᠦᠬᠦᠮ ᠦᠵᠡᠭᠦᠯᠬᠦ ᠵᠢᠵᠢᠭ ᠠᠭᠤᠳᠠᠮ ᠲᠠᠯᠠᠪᠠᠢ ᠳᠤ ᠬᠤᠷᠴᠠ ᠰᠣᠷᠭᠤᠭ ᠥᠩᠭᠡ ᠪᠤᠳᠤᠭ ᠨᠡᠮᠡᠷᠢᠯᠡᠵᠡᠢ᠃ᠪᠠᠶᠢᠰᠢᠩ ᠭᠡᠷ ᠤᠨ ᠲᠣᠭᠤᠷᠢᠭ ᠤᠨ ᠬᠤᠭᠤᠰᠤᠨ ᠭᠠᠵᠠᠷ᠄ ᠺᠠᠳ᠋ᠷ ᠣᠯᠠᠨ ᠲᠦᠮᠡᠨ ᠭᠠᠷ ᠬᠤᠯᠪᠣᠯᠴᠠᠨ ᠰᠢᠨ᠎ᠡ ᠨᠣᠭᠤᠭᠠᠨ ᠬᠤᠭᠤᠰᠤᠨ ᠭᠠᠵᠠᠷ ᠨᠡᠮᠡᠵᠦ ︽ᠬᠦᠰᠡᠯ ᠤᠨ ᠣᠶ︾ ᠪᠣᠯᠭᠠᠨ ᠬᠤᠪᠢᠷᠠᠭᠤᠯᠤᠨ᠎ᠠ    ᠬᠠᠷᠢᠶ᠎ᠠ ᠲᠣᠭᠤᠷᠢᠭ ᠤᠨ ᠪᠠᠶᠢᠰᠢᠩ ᠬᠤᠭᠤᠰᠤᠨ ᠭᠠᠵᠠᠷ ᠲᠤ᠂ ᠰᠢᠨ ᠹᠸᠩ ᠨᠡᠶᠢᠭᠡᠮ ᠲᠣᠭᠤᠷᠢᠭ ᠤᠨ ᠺᠠᠳ᠋ᠷ ᠰᠠᠶᠢᠨ ᠳᠤᠷ᠎ᠠ ᠶᠢᠨ ᠠᠵᠢᠯᠯᠠᠭᠰᠠᠳ ᠲᠠᠢ ᠠᠳᠠᠯᠢᠬᠠᠨ ᠢᠶᠠᠷ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠡᠷᠴᠢ ᠵᠣᠷᠢᠭ ᠲᠡᠭᠦᠯᠳᠡᠷ ᠪᠠᠶᠢᠯ᠎ᠠ᠃ ᠤᠯᠠᠨ ᠢᠶᠠᠷ ᠢᠶᠠᠨ ᠬᠦᠷᠵᠡ᠂ ᠠᠷᠴᠢᠭᠤᠷ ᠵᠡᠷᠭᠡ ᠪᠠᠭᠠᠵᠢ ᠬᠡᠷᠡᠭᠰᠡᠯ ᠢ ᠪᠠᠷᠢᠵᠤ᠂ ᠮᠣᠳᠣ ᠲᠠᠷᠢᠬᠤ ᠳᠦᠷᠢᠮᠵᠢᠯ ᠤᠨ ᠶᠠᠪᠤᠴᠠ ᠶᠢ ᠴᠢᠩᠭ᠎ᠠ ᠵᠢᠷᠤᠮᠯᠠᠨ᠂ ᠬᠦᠷᠵᠡ ᠬᠤᠷᠤᠶᠢᠯᠠᠵᠤ ᠰᠢᠷᠣᠢ ᠬᠤᠰᠤᠵᠤ᠂ ᠲᠣᠭᠲᠠᠭᠰᠠᠨ ᠭᠠᠵᠠᠷ ᠲᠤ ᠨᠦᠬᠡ ᠮᠠᠯᠲᠠᠵᠤ᠂ ᠵᠤᠯᠵᠠᠭ᠎ᠠ ᠮᠣᠳᠣ ᠶᠢ ᠲᠡᠭᠰᠢᠯᠡᠨ᠂ ᠰᠢᠨ᠎ᠡ ᠬᠥᠷᠥᠰᠥ ᠶᠢ ᠪᠣᠶᠢᠵᠢᠭᠤᠯᠵᠤ᠂ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠵᠣᠯᠭᠠᠭᠤᠯᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠰᠢᠨ᠎ᠡ ᠪᠠᠷ ᠵᠠᠶᠢᠯᠠᠭᠰᠠᠨ ᠵᠤᠯᠵᠠᠭ᠎ᠠ ᠮᠣᠳᠣ ᠶᠢ ᠲᠡᠷᠢ ᠲᠡᠭᠰᠢ ᠵᠢᠭᠰᠠᠭᠠᠵᠤ᠂ ᠨᠣᠶᠢᠲᠠᠨ ᠴᠢᠭᠢᠭᠯᠢᠭ ᠰᠢᠪᠠᠷ ᠰᠢᠷᠣᠢ ᠳᠤ ᠰᠡᠬᠦᠶᠢᠨ ᠵᠣᠭᠰᠣᠵᠤ᠂ ᠣᠷᠢᠨ ᠰᠠᠯᠬᠢᠨ ᠤ ᠳᠤᠮᠳᠠ ᠨᠠᠮᠤᠭᠤᠬᠠᠨ ᠨᠠᠶᠢᠭᠤᠵᠤ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃    ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠵᠡᠭᠡᠯᠢ ᠭᠤᠳᠤᠮᠵᠢ ᠶᠢ ᠴᠡᠴᠡᠭᠯᠡᠭᠦᠯᠦᠨ ᠬᠥᠭᠵᠢᠭᠦᠯᠬᠦ ᠳᠤ ᠦᠵᠡᠰᠬᠦᠯᠡᠩᠲᠦ ᠰᠠᠶᠢᠬᠠᠨ ᠨᠣᠭᠤᠭᠠᠨ ᠥᠩᠭᠡ ᠶᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠠᠩ ᠴᠤ ᠨᠡᠶᠢᠭᠡᠮ ᠲᠣᠭᠤᠷᠢᠭ ᠤᠨ ᠺᠠᠳ᠋ᠷ᠂ ᠬᠠᠮᠲᠤ ᠪᠠᠷ ᠪᠠᠶᠢᠭᠤᠯᠬᠤ ᠨᠢᠭᠡᠴᠡ ᠶᠢᠨ ᠪᠦᠷᠢᠯᠳᠦᠭᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠪᠠ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠴᠢᠩᠭᠠᠷᠠᠭᠤᠯᠤᠭᠰᠠᠨ ᠪᠠᠶᠢᠨ᠎ᠠ᠃ ᠬᠤᠶᠢᠰᠢᠳᠠ᠂  ᠹᠠᠨ ᠷᠦᠩ ᠵᠡᠭᠡᠯᠢ ᠭᠤᠳᠤᠮᠵᠢ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠲᠠᠶᠢᠴᠢᠯᠠᠨ ᠨᠣᠭᠤᠭᠠᠨ ᠥᠩᠭᠡ ᠶᠢᠨ ᠠᠵᠢᠯᠯᠠᠭ᠎ᠠ ᠳᠤ ᠣᠷᠣᠯᠴᠠᠭᠤᠯᠵᠤ᠂ ᠬᠠᠮᠲᠤᠪᠠᠷ ︽ᠨᠣᠭᠤᠭᠠᠨ ᠥᠩᠭᠡ ᠶᠢ ᠣᠯᠵᠤ ᠬᠠᠷᠠᠵᠤ᠂ ᠡᠭᠦᠳᠡᠨ ᠠᠴᠠ ᠭᠠᠷᠴᠤ ᠴᠡᠴᠡᠷᠯᠢᠭ ᠲᠤ ᠣᠷᠣᠬᠤ︾ ᠵᠣᠯ ᠵᠢᠷᠭᠠᠯᠲᠤ ᠵᠢᠷᠤᠭ ᠢ ᠵᠢᠷᠤᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠦᠵᠡᠮᠵᠢ ᠶᠢ ᠵᠢᠷᠤᠭᠯᠠᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ