ᠹᠠᠨ ᠷᠦᠩ ᠵᠡᠭᠡᠯᠢ ᠭᠤᠳᠤᠮᠵᠢ᠄ ᠭᠠᠷ ᠬᠤᠯᠪᠣᠨ ᠰᠡᠳᠬᠢᠯ ᠨᠢᠭᠡᠳᠦᠨ  ᠮᠣᠳᠣ ᠵᠠᠶᠢᠯᠠᠵᠤ ᠨᠠᠮ ᠤᠨ ᠭᠡᠰᠢᠭᠦᠨ ᠲᠦᠷᠦᠭᠦᠯᠡᠨ ᠰᠢᠨ᠎ᠡ ᠨᠣᠭᠤᠭᠠᠨ ᠥᠩᠭᠡ ᠶᠢ ᠨᠡᠮᠡᠷᠢᠯᠡᠨ᠎ᠡ
ᠨᠡᠶᠢᠲᠡᠯᠡᠭᠰᠡᠨ ᠴᠠᠭ᠄
2025/5/16
    ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 8  ᠤ ᠡᠳᠦᠷ᠂  ᠹᠠᠨ ᠷᠦᠩ ᠵᠡᠭᠡᠯᠢ ᠭᠤᠳᠤᠮᠵᠢ ᠶᠢᠨ ᠰᠢᠶᠣᠣ ᠰᠢ ᠨᠡᠶᠢᠭᠡᠮ ᠲᠣᠭᠤᠷᠢᠭ ᠤᠨ ᠬᠢᠨ ᠵᠠᠯᠠᠨ ᠠᠶᠢᠯ ᠬᠤᠳᠠ ᠶᠢᠨ ᠤᠢ ᠰᠢᠭᠤᠢ ᠪᠠ ᠲᠠᠯ᠎ᠠ ᠨᠤᠲᠤᠭ ᠤᠨ ᠦᠢᠯᠡᠰ ᠤᠨ ᠬᠥᠭᠵᠢᠯᠲᠡ ᠶᠢᠨ ᠲᠥᠪ ᠲᠠᠢ ᠬᠠᠮᠲᠤᠷᠠᠨ ︽ᠭᠠᠷ ᠬᠤᠯᠪᠣᠨ ᠰᠡᠳᠬᠢᠯ ᠨᠢᠭᠡᠳᠦᠨ ᠮᠣᠳᠣ ᠵᠠᠶᠢᠯᠠᠵᠣ  ᠨᠠᠮ ᠤᠨ ᠭᠡᠰᠢᠭᠦᠨ ᠢ ᠳᠠᠭᠠᠭᠤᠯᠤᠨ ᠰᠢᠨ᠎ᠡ ᠨᠣᠭᠤᠭᠠᠨ ᠥᠩᠭᠡ ᠶᠢ  ᠨᠡᠮᠡᠷᠢᠭᠦᠯᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠹᠠᠨ ᠷᠦᠩ ᠬᠥᠭᠦᠷᠭᠡ ᠳᠤ ᠢᠷᠡᠵᠤ᠂ ᠣᠷᠣᠯᠴᠠᠭᠰᠠᠳ ᠤᠨ ᠠᠵᠢᠯ ᠤᠨ ᠬᠤᠪᠢᠶᠠᠷᠢᠯᠠᠯ ᠲᠣᠳᠣᠷᠬᠠᠢ᠂ ᠨᠢᠭᠲᠠ ᠬᠠᠮᠵᠢᠯᠴᠠᠵᠤ᠂ ᠬᠤᠰᠤᠭᠤᠷ ᠬᠤᠷᠤᠶᠢᠯᠠᠵᠤ ᠨᠦᠬᠡ ᠮᠠᠯᠲᠠᠬᠤ ᠠᠴᠠ ᠠᠪᠤᠭᠠᠳ ᠵᠤᠯᠵᠠᠭ᠎ᠠ ᠮᠣᠳᠣ ᠶᠢ  ᠵᠠᠶᠢᠯᠠᠵᠤ ᠵᠠᠯᠠᠬᠤ ᠬᠦᠷᠲᠡᠯ᠎ᠡ᠂ ᠲᠠᠬᠢᠨ ᠰᠢᠷᠣᠢ ᠪᠥᠭᠯᠡᠵᠦ ᠪᠠᠬᠢᠵᠢᠭᠦᠯᠬᠦ ᠬᠦᠷᠲᠡᠯ᠎ᠡ᠂ ᠠᠯᠬᠤᠮ ᠪᠦᠷᠢ ᠳᠤ ᠤᠯᠠᠨ ᠢᠶᠠᠷ ᠢᠶᠠᠨ ᠴᠥᠮ ᠨᠠᠷᠢᠨ ᠬᠢᠨᠠᠮᠠᠭᠠᠢ ᠠᠴᠠ ᠨᠠᠷᠢᠨ ᠬᠢᠨᠠᠮᠠᠭᠠᠢ ᠪᠠᠶᠢᠵᠤ᠂ ᠬᠠᠷᠢᠯᠴᠠᠨ ᠬᠠᠮᠵᠢᠯᠴᠠᠨ᠎ᠠ᠃ ᠣᠷᠣᠯᠴᠠᠭᠰᠠᠳ ᠤᠨ ᠰᠢᠷᠭᠠᠭᠤ ᠬᠥᠳᠡᠯᠮᠦᠷᠢ ᠪᠠᠷ ᠳᠠᠮᠵᠢᠵᠤ᠂ ᠵᠠᠭᠤ ᠭᠠᠷᠤᠢ ᠰᠠᠭᠤᠷᠢ ᠵᠤᠯᠵᠠᠭ᠎ᠠ ᠮᠣᠳᠣ ᠪᠣᠯᠣᠨ ᠭᠤᠣᠯᠲᠤ ᠪᠣᠷᠣ ᠶᠢᠨ ᠵᠤᠯᠵᠠᠭ᠎ᠠ ᠮᠣᠳᠣ ᠭᠤᠣᠯ ᠤᠨ ᠵᠠᠮ ᠤᠨ ᠬᠥᠪᠡᠭᠡ ᠪᠠᠷ ᠲᠡᠷᠢ ᠲᠡᠭᠰᠢ  ᠵᠠᠶᠢᠯᠠᠵᠤ᠂ ᠡᠷᠬᠢᠨ ᠲᠣᠭᠤᠷᠢᠨ ᠤ  ᠤᠷᠭᠤᠮᠠᠯ ᠲᠠᠢ ᠥᠩᠭᠡ ᠢᠯᠭᠠᠷᠠᠭᠰᠠᠨ ᠪᠠᠶᠢᠨ᠎ᠠ᠃    ᠨᠣᠮᠢᠨ ᠨᠣᠭᠤᠭᠠᠨ ᠥᠩᠭᠡ ᠪᠠᠷ ᠤᠭ ᠰᠠᠨᠠᠭ᠎ᠠ ᠶᠢ ᠢᠯᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠵᠦ ᠢᠷᠡᠭᠡᠳᠦᠢ ᠵᠦᠭ ᠤᠷᠤᠭᠰᠢᠯᠠᠨ᠎ᠠ᠃  ᠰᠢᠶᠣᠣ ᠰᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ︽ᠨᠠᠮ ᠤᠨ ᠪᠠᠶᠢᠭᠤᠯᠤᠯᠲᠠ ᠶᠢᠨ ᠤᠯᠠᠭᠠᠨ ᠥᠩᠭᠡ︾ ᠪᠠᠷ ︽ᠠᠮᠢ ᠠᠬᠤᠢ ᠶᠢᠨ ᠨᠣᠭᠤᠭᠠᠨ ᠥᠩᠭᠡ︾ ᠶᠢ ᠬᠥᠲᠥᠯᠥᠨ ᠳᠠᠭᠠᠭᠤᠯᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠨᠡᠩ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠲᠠᠶᠢᠴᠢᠯᠠᠨ ᠨᠣᠭᠤᠭᠠᠨ ᠥᠩᠭᠡ ᠶᠢᠨ ᠠᠵᠢᠯᠯᠠᠭ᠎ᠠ ᠳᠤ ᠣᠷᠣᠯᠴᠠᠭᠤᠯᠵᠤ᠂ ᠬᠠᠮᠲᠤᠪᠠᠷ ︽ᠨᠣᠭᠤᠭᠠᠨ ᠥᠩᠭᠡ ᠶᠢ ᠣᠯᠵᠤ ᠬᠠᠷᠠᠬᠤ᠂ ᠡᠭᠦᠳᠡ  ᠠᠴᠠ ᠭᠠᠷᠣᠮᠠᠭᠴᠠ ᠴᠡᠴᠡᠷᠯᠢᠭ ᠲᠤ ᠣᠷᠣᠬᠤ︾ ᠵᠣᠯ ᠵᠢᠷᠭᠠᠯᠲᠤ ᠵᠢᠷᠤᠭ ᠢ ᠵᠢᠷᠤᠭᠯᠠᠵᠤ᠂ ᠬᠠᠷᠢᠶ᠎ᠠ ᠣᠷᠣᠨ ᠳᠤ ᠨᠡᠩ ᠤᠯᠠᠨ ᠠᠮᠢ ᠠᠬᠤᠢ ᠶᠢᠨ ᠰᠠᠭᠤᠷᠢ ᠥᠩᠭᠡ ᠶᠢ ᠨᠡᠮᠡᠷᠢᠯᠡᠨ᠎ᠡ︕  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ