ᠬᠠᠳᠤ ᠭᠤᠣᠯ ᠪᠠᠯᠭᠠᠰᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/16
    ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ  ᠲᠣᠣᠱᠯᠠᠭᠤᠯᠣᠨ ᠨᠠᠶᠢᠳᠠᠪᠤᠷᠢᠵᠢᠭᠤᠯᠵᠤ᠂ ᠣᠳᠣᠬᠠᠨ ᠤ ᠠᠵᠢᠯ ᠤᠨ ᠠᠬᠢᠴᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 12 ᠤᠨ ᠡᠳᠦᠷ᠂  ᠬᠠᠳᠣ  ᠭᠤᠣᠯ ᠪᠠᠯᠭᠠᠰᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠠᠩ ᠯᠢ ᠭᠦᠸᠧ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠪᠠᠯᠭᠠᠰᠤᠨ ᠤ ᠳᠠᠷᠤᠭ᠎ᠠ ᠵᠣᠣ  ᠶᠣᠸᠠᠢ ᠵᠠᠯᠠᠨ ᠠᠶᠢᠯ ᠬᠤᠲᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠨᠣᠶᠢᠲᠠᠨ ᠢ ᠦᠭᠡᠶᠢᠬᠢᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠭᠤᠣᠯ ᠮᠥᠷᠡᠨ ᠨᠠᠭᠤᠷ ᠴᠥᠭᠦᠷᠥᠮ  ᠤᠨ ︽ᠳᠥᠷᠪᠡᠨ ᠰᠠᠮᠠᠭᠤᠨ ᠢ ᠠᠷᠢᠯᠭᠠᠬᠤ︾ ᠵᠡᠷᠭᠡ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠳᠠᠷᠠᠭ᠎ᠠ ᠪᠠᠷ ᠨᠢ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠳᠤᠷᠠᠳᠪᠠ᠃    ᠬᠤᠷᠠᠯ ᠠᠴᠠ᠂ ᠨᠢᠭᠡ ᠳᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠶᠢ ᠡᠮᠬᠢ ᠵᠢᠷᠤᠮ ᠲᠠᠢ ᠠᠬᠢᠭᠤᠯᠤᠨ᠎ᠠ᠃ ︽ᠵᠠᠯᠠᠨ ᠠᠶᠢᠯ ᠬᠤᠲᠠ ᠶᠢᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠵᠢᠯ ᠢ ᠠᠬᠢᠭᠤᠯᠵᠤ᠂ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ᠂ ᠵᠠᠩᠭᠢᠯᠠᠭ᠎ᠠ ᠶᠢᠨ ᠴᠡᠭ ᠢ ᠡᠳᠦᠷ ᠲᠤ ᠬᠦᠷᠲᠡᠯ᠎ᠡ᠂ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠲᠣᠰᠬᠤᠨ ︵ᠨᠡᠶᠢᠭᠡᠮ ᠲᠣᠭᠤᠷᠢᠭ︶ ᠨᠢ ᠣᠷᠣᠯᠭ᠎ᠠ ᠶᠢᠨ ᠲᠠᠩᠰᠠ ᠪᠠᠷ ᠲᠣᠭᠠᠴᠠᠭ᠎ᠠ ᠬᠢᠬᠦ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠭᠰᠡᠨ ᠪᠠᠶᠢᠳᠠᠯ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠭᠤᠣᠯ ᠬᠦᠴᠦᠨ ᠵᠦᠢᠯ ᠤᠨ ᠲᠣᠭᠤᠷᠢᠨ ᠳᠤ᠂ ᠬᠢᠨᠠᠨ ᠰᠢᠯᠭᠠᠬᠤ ᠡᠷᠦᠬᠡ᠂ ᠶᠠᠳᠠᠭᠤ  ᠠᠴᠠ ᠠᠩᠭᠢᠵᠢᠷᠠᠭᠰᠠᠨ ᠡᠷᠦᠬᠡ ᠪᠠ ᠭᠤᠣᠯᠳᠠᠯᠭ᠎ᠠ ᠲᠠᠢ ᠬᠥᠮᠥᠰ ᠢ ᠰᠤᠷᠪᠤᠯᠵᠢᠯᠠᠨ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ︾ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠤᠢ ᠮᠣᠳᠣ ᠡᠪᠡᠰᠦ ᠪᠡᠯᠴᠢᠭᠡᠷ ᠢ ᠰᠦᠢᠳᠬᠡᠬᠦ  ᠴᠢᠭᠢᠭ ᠢ ᠰᠦᠢᠳᠬᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠪᠠᠶᠢᠩᠭᠤᠵᠢᠭᠤᠯᠤᠨ ᠥᠷᠨᠢᠭᠦᠯᠵᠦ᠂ ᠢᠯᠡᠷᠡᠭᠦᠯᠦᠭᠰᠡᠨ ᠬᠠᠤᠯᠢ ᠠᠴᠠ ᠵᠥᠷᠢᠴᠡᠨ ᠬᠠᠭᠠᠯᠪᠤᠷᠢᠯᠠᠬᠤ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠬᠤ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠵᠦ᠂ ᠤᠢ ᠮᠣᠳᠣ ᠡᠪᠡᠰᠦ ᠪᠡᠯᠴᠢᠭᠡᠷ ᠢ ᠰᠡᠷᠭᠦᠭᠡᠨ ᠵᠠᠰᠠᠬᠤ ᠪᠠ ᠤᠬᠠᠭᠤᠯᠤᠨ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠳᠥᠷᠪᠡ ᠳᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠣᠰᠬᠤᠨ ᠤ ᠺᠠᠳ᠋ᠷ ᠢ ᠳᠠᠭᠠᠭᠠᠴᠢᠯᠠᠬᠤ ᠳᠤ᠂ ᠲᠣᠰᠬᠤᠨ ᠤ ᠺᠠᠳ᠋ᠷ ᠬᠠᠮᠤᠭ ᠤᠨ ᠶᠡᠭᠡ ᠵᠣᠷᠢᠭ᠂ ᠬᠠᠮᠤᠭ ᠤᠨ ᠶᠡᠭᠡ ᠡᠷᠴᠢᠮ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠣᠷᠣᠨ ᠪᠦᠰᠡ ᠪᠠᠷ ᠢᠶᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠳᠤ ᠬᠠᠨᠳᠤᠭᠤᠯᠤᠨ ᠬᠦᠴᠦᠯᠡᠵᠦ᠂ ᠤᠳᠬᠤᠭᠤᠷ ᠲᠡᠷᠭᠡ᠂ ᠬᠥᠷᠪᠡᠭᠦᠯᠬᠦ ᠲᠡᠷᠭᠡ ᠶᠢ ᠬᠥᠳᠡᠯᠭᠡᠨ ᠬᠠᠷᠢᠶ᠎ᠠ ᠣᠷᠣᠨ ᠤ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠨᠠᠮ ᠤᠨ ᠭᠡᠰᠢᠭᠦᠨ᠂ ᠲᠣᠣᠷᠯᠢᠭ ᠠᠵᠢᠯᠲᠠᠨ᠂ ᠤᠯᠠᠨ ᠲᠦᠮᠡᠨ ᠵᠡᠷᠭᠡ ᠶᠢ ᠭᠦᠢᠴᠡᠳ ᠳᠠᠶᠢᠴᠢᠯᠠᠨ ᠬᠠᠷᠢᠶ᠎ᠠ ᠣᠷᠣᠨ ᠤ ᠳᠣᠲᠣᠷᠠᠬᠢ ᠵᠠᠮ ᠤᠨ ᠬᠤᠶᠠᠷ  ᠲᠠᠯ᠎ᠠ᠂ ᠭᠤᠣᠯ ᠤᠨ ᠵᠠᠮ ᠤᠨ ᠬᠠᠵᠠᠭᠤ ᠶᠢᠨ ᠭᠤᠤ᠂ ᠭᠡᠷ ᠤᠨ ᠠᠷᠤ ᠲᠠᠯ᠎ᠠ ᠶᠢᠨ ᠬᠤᠷᠠᠮᠳᠤᠭᠰᠠᠨ ᠬᠤᠭ ᠨᠣᠪᠰᠢ᠂ ᠬᠤᠪᠠᠭ᠋ᠠᠶᠢᠷᠠᠭᠰᠠᠨ ᠰᠠᠯᠠᠭ᠎ᠠ ᠪᠤᠵᠠᠷ ᠡᠪᠡᠰᠦ ᠵᠡᠷᠭᠡ ᠶᠢ ᠪᠦᠬᠦ ᠲᠠᠯ᠎ᠠ ᠪᠠᠷ ᠴᠡᠪᠡᠷᠯᠡᠨ᠎ᠡ᠃ ᠲᠠᠪᠤ ᠳᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠬᠥᠳᠡᠭᠡ ᠲᠣᠰᠬᠤᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯ ᠨᠠᠮ ᠤᠨ ᠲᠦᠷᠦ ᠪᠠᠷᠢᠬᠤ ᠰᠠᠭᠤᠷᠢ ᠲᠠᠢ ᠬᠤᠯᠪᠣᠭᠳᠠᠵᠤ ᠪᠠᠶᠢᠳᠠᠭ ᠪᠣᠯᠬᠤᠷ ᠦᠨᠳᠦᠰᠦᠨ ᠱᠠᠲᠤᠨ ᠤ ᠺᠠᠳ᠋ᠷᠴᠤᠳ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠢᠴᠡᠳᠬᠡᠬᠦ ᠲᠤᠬᠠᠢ ᠲᠣᠭᠲᠠᠭᠠᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠨ ᠦᠢᠯᠡᠳᠦᠯᠭᠡᠵᠢᠭᠦᠯᠵᠦ᠂ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠲᠤᠰᠢᠶᠠᠯ ᠬᠠᠷᠢᠭᠤᠴᠠᠯᠭ᠎ᠠ ᠪᠠᠨ ᠵᠥᠪ ᠢᠶᠠᠷ ᠭᠦᠢᠴᠡᠳᠬᠡᠵᠦ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠡᠭᠦᠯ ᠪᠣᠯᠪᠠᠰᠤᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ᠃    ᠬᠤᠷᠠᠯ ᠠᠴᠠ᠂ ᠣᠳᠣᠬᠠᠨ ᠳᠤ ᠶᠠᠭ ᠪᠦᠬᠦ ᠵᠢᠯ ᠤᠨ ᠠᠵᠢᠯ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ ᠪᠠᠶᠢᠨ᠎ᠠ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠬᠥᠭᠵᠢᠯᠲᠡ ᠶᠢᠨ ᠬᠡᠷᠡᠭᠴᠡᠭᠡ ᠪᠣᠯᠣᠨ᠎ᠠ᠃ ᠪᠥᠬᠦ ᠪᠠᠯᠭᠠᠰᠤ ᠪᠠᠷ ᠢᠶᠠᠨ ᠳᠡᠭᠡᠳᠦ ᠳᠣᠣᠷᠠᠳᠤ ᠱᠠᠲᠤ ᠪᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ᠡᠯ᠎ᠡ ᠦᠷᠳᠡᠭᠡ᠂ ᠭᠠᠵᠠᠷ᠂ ᠠᠯᠪᠠᠨ ᠭᠡᠷ ᠤᠨ ᠬᠢᠨ ᠠᠷᠭ᠎ᠠ ᠰᠦᠪᠡᠭᠴᠢᠯᠡᠬᠦ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠪᠦᠬᠦ ᠵᠢᠯ ᠤᠨ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠳᠠᠨ ᠬᠢᠬᠦ ᠴᠡᠭ ᠢᠶᠠᠨ ᠣᠨᠣᠪᠴᠢᠲᠠᠢ ᠡᠷᠢᠵᠦ᠂ ᠵᠠᠩᠭᠢᠯᠠᠭ᠎ᠠ ᠶᠢᠨ ᠴᠡᠭ ᠢ ᠡᠵᠡᠮᠳᠡᠵᠦ᠂ ᠰᠢᠪᠲᠤᠯᠤᠯᠲᠠ ᠶᠢᠨ ᠴᠡᠭ ᠢ ᠡᠷᠢᠵᠦ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ︔ ᠡᠯ᠎ᠡ ᠲᠣᠰᠬᠤᠨ ︵ᠨᠡᠶᠢᠭᠡᠮ ᠲᠣᠭᠤᠷᠢᠭ︶ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠷᠠᠯ ᠤᠨ ᠪᠠᠶᠢᠷᠢᠯᠠᠭᠤᠯᠤᠯᠲᠠ ᠶᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ