5 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠣᠣᠱᠯᠠᠭᠤᠯᠣᠨ | ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ | ᠪᠠᠲᠤᠯᠠᠬᠤ ᠶᠢᠨ ᠲᠥᠯᠥᠭᠡ᠂ ᠮᠥᠬᠦᠴᠢ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠶᠦᠩ ᠴᠢᠶᠠᠩ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠣᠰᠬᠤᠨ ᠤ ᠰᠠᠭᠤᠭᠠᠯᠢ ᠠᠷᠠᠳ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠢ | ᠳᠠᠭᠠᠭᠠᠴᠢᠯᠠᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠭᠠᠳᠠᠭᠠᠳᠤ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠪᠠᠯᠭᠠᠰᠤᠨ ᠤ ᠳᠡᠳ᠋ ᠳᠠᠷᠤᠭ᠎ᠠ ᠵᠣᠣ ᠶᠢᠨ ᠲᠤᠤ ᠵᠠᠯᠠᠨ ᠠᠶᠢᠯ ᠬᠤᠲᠠ ᠶᠢᠨ ᠠᠮᠢ ᠠᠬᠤᠢ ᠣᠷᠴᠢᠨ ᠠᠬᠤᠢ ᠶᠢᠨ ᠬᠦᠷᠢᠶᠡᠨ ᠳᠠᠬᠢ | ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠬᠤᠯᠪᠣᠭᠳᠠᠯ | ᠪᠦᠬᠦᠢ ᠠᠵᠢᠯ ᠢ ᠪᠠᠶᠢᠷᠢᠯᠠᠭᠤᠯᠵᠠᠢ᠃ ᠪᠠᠯᠭᠠᠰᠤᠨ ᠤ ᠳᠡᠳ᠋ ᠳᠠᠷᠤᠭ᠎ᠠ ᠰᠦᠢ ᠷᠦᠢ ᠰᠢᠣᠸᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ ᠦᠨᠡᠯᠡᠨ ᠵᠢᠱᠢᠬᠦ ᠠᠵᠢᠯ ᠳᠤ | ᠪᠠᠶᠢᠷᠢᠯᠠᠭᠤᠯᠤᠯᠲᠠ ᠬᠢᠵᠦ᠂ ᠪᠠᠯᠭᠠᠰᠤᠨ ᠤ ᠳᠡᠳ᠋ ᠳᠠᠷᠤᠭ᠎ᠠ ᠯᠢᠦ ᠢᠦᠢ ᠽᠧ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠵᠢᠴᠢ ᠭᠤᠣᠯ ᠤᠨ ᠵᠠᠮ ᠤᠨ ︽ᠲᠦᠷᠪᠡᠨ ᠰᠠᠮᠠᠭᠤᠨ ᠢ ᠴᠡᠪᠡᠷᠯᠡᠬᠦ︾ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠥᠳᠡᠭᠡ ᠲᠣᠰᠬᠤᠨ ᠤ | ᠦᠢᠯᠡᠴᠢᠯᠡᠭᠡᠨ ᠤ ᠲᠥᠪ ᠤᠨ ᠵᠠᠩ ᠵᠢᠩ ᠢᠦᠢ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠨᠤᠭᠤ ᠭᠠᠵᠠᠷ ᠢ ᠡᠪᠳᠡᠵᠦ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ | ᠠᠵᠢᠯ ᠳᠤ ᠴᠣᠬᠢᠯᠲᠠ ᠥᠭᠴᠦ ᠪᠠᠶᠢᠷᠢᠯᠠᠭᠤᠯᠤᠯᠲᠠ ᠬᠢᠵᠡᠢ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠠᠰᠠᠭ ᠤᠨ ᠶᠠᠪᠤᠳᠠᠯ ᠢ | ᠰᠢᠢᠳᠪᠦᠷᠢᠯᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠳᠤᠮᠳᠠᠬᠢ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠣᠶ ᠰᠢᠭᠤᠢ ᠡᠪᠡᠰᠦ ᠪᠡᠯᠴᠢᠭᠡᠷ ᠴᠢᠭᠢᠭᠯᠢᠭ ᠭᠠᠵᠠᠷ ᠢ ᠡᠪᠳᠡᠵᠦ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠭᠤᠣᠯ ᠤᠨ ᠵᠠᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠠᠵᠢᠯ ᠳᠤ | ᠴᠣᠬᠢᠯᠲᠠ ᠥᠭᠴᠦ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠡ᠃ ᠲᠡᠷᠡ᠂ ᠡᠯ᠎ᠡ ᠰᠠᠯᠠᠭ᠎ᠠ ᠮᠥᠴᠢᠷ᠂ ᠲᠣᠰᠬᠤᠨ ᠤ ᠣᠷᠣᠨ ᠰᠠᠭᠤᠴᠠ ᠶᠢᠨ | ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠤᠢ ᠰᠢᠭᠤᠢ ᠡᠪᠡᠰᠦ ᠪᠡᠯᠴᠢᠭᠡᠷ ᠢ | ᠬᠠᠮᠠᠭᠠᠯᠠᠬᠤ᠂ ᠲᠠᠷᠢᠶᠠᠨ ᠭᠠᠵᠠᠷ ᠢ ᠬᠠᠮᠠᠭᠠᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠵᠢᠯ ᠢ ᠭᠤᠣᠯᠳᠠᠯᠭ᠎ᠠ ᠲᠠᠢ ᠠᠩᠬᠠᠷᠴᠤ᠂ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ ᠴᠡᠭ ᠲᠤ ᠴᠣᠬᠢᠯᠲᠠ ᠥᠭᠴᠦ᠂ ᠤᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠡᠷᠲᠡ ᠠᠴᠠ ᠡᠬᠢᠯᠡᠨ ᠠᠳᠬᠤᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠢ ᠲᠣᠭᠲᠠᠭᠤᠨ ᠢᠶᠠᠷ | ᠠᠬᠢᠭᠤᠯᠵᠤ᠂ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ | ᠬᠡᠷᠡᠭᠲᠡᠢ᠃ ᠪᠥᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠣᠳᠣᠬᠠᠨ ᠤ ᠡᠯ᠎ᠡ ᠵᠦᠢᠯ ᠤᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ | ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠷᠭ᠎ᠠ ᠤᠬᠠᠭᠠᠨ ᠰᠦᠪᠡᠭᠴᠢᠯᠡᠬᠦ ᠬᠡᠷᠡᠭᠲᠡᠢ᠃ | ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠩᠭᠤ ᠶᠢᠨ ᠴᠢᠨᠠᠷᠲᠠᠢ | ᠬᠢᠨᠠᠨ ᠵᠢᠯᠤᠭᠤᠳᠴᠤ ᠪᠠᠶᠢᠴᠠᠭᠠᠯᠲᠠ ᠬᠢᠵᠦ᠂ ᠡᠯ᠎ᠡ ᠰᠠᠯᠠᠭ᠎ᠠ ᠮᠥᠴᠢᠷ᠂ ᠲᠣᠰᠬᠤᠨ ᠤ ᠰᠠᠭᠤᠭᠠᠯᠢ ᠠᠷᠠᠳ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ | ᠣᠳᠣᠬᠠᠨ ᠤ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ | ᠪᠣᠳᠠᠲᠠᠢ ᠬᠢᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠬᠤᠶᠠᠷ ᠲᠤ᠂ ᠬᠠᠮᠵᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠠᠬᠢᠭᠤᠯᠬᠤ ᠬᠡᠷᠡᠭᠲᠡᠢ᠃ ᠪᠥᠬᠦ ᠲᠠᠯ᠎ᠠ ᠶᠢᠨ ᠦᠵᠡᠯᠲᠡ ᠪᠠᠨ ᠴᠢᠩᠭᠠᠷᠠᠭᠤᠯᠵᠤ | ᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠡᠪᠳᠡᠭᠰᠡᠨ ᠬᠡᠰᠡᠭ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠳᠤ ᠴᠣᠬᠢᠯᠲᠠ ᠥᠭᠬᠦ ᠳᠤ ᠬᠠᠷᠠᠯᠲᠠ ᠪᠠᠨ | ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠠᠭ ᠤᠨ ᠬᠢᠵᠠᠭᠠᠷ ᠢ ᠲᠣᠭᠲᠠᠭᠠᠨ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠵᠤ᠂ | ᠴᠠᠭ ᠲᠤᠬᠠᠢ ᠳᠤᠨᠢ ᠳ᠋ᠤᠭᠠᠷ ᠢ ᠨᠢ ᠬᠦᠴᠦᠨ ᠦᠭᠡᠢ ᠪᠣᠯᠭᠠᠵᠤ᠂ ᠢᠯᠡᠷᠡᠭᠦᠯᠦᠭᠰᠡᠨ ᠬᠠᠤᠯᠢ ᠠᠴᠠ ᠵᠥᠷᠢᠴᠡᠨ ᠬᠠᠭᠠᠯᠪᠤᠷᠢᠯᠠᠬᠤ ᠦᠶᠯᠡ ᠠᠵᠢᠯᠯᠠᠭ᠎ᠠ ᠶᠢ ᠴᠠᠭ | ᠲᠤᠬᠠᠢ ᠳᠤᠨᠢ ᠬᠤᠷᠢᠭᠯᠠᠬᠤ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠲᠣᠰᠬᠤᠨ ᠤ | ᠱᠦᠵᠢ ᠢᠳᠡᠪᠬᠢᠲᠡᠢ ᠪᠠᠷ ᠬᠠᠮᠵᠢᠯᠴᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠵᠢᠯ ᠤᠨ ᠲᠠᠩᠰᠠ ᠡᠪᠬᠡᠮᠡᠯ ᠢ | ᠲᠡᠭᠦᠯᠳᠡᠷᠵᠢᠭᠦᠯᠵᠦ᠂ ᠴᠠᠭ ᠲᠤᠬᠠᠢ ᠳᠤᠨᠢ ᠡᠷᠦᠭᠡ ᠳᠤ ᠬᠦᠷᠴᠦ ᠰᠤᠷᠪᠤᠯᠵᠢᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠪᠠ᠃ | ᠭᠤᠷᠪᠠ ᠳᠤ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠦᠵᠡᠯᠲᠡ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ︽ᠰᠦᠯᠵᠢᠶᠡᠨ | ᠳᠡᠭᠡᠷᠡᠬᠢ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠬᠡᠯᠪᠡᠷᠢ ᠪᠠᠷ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠨ ᠵᠠᠰᠠᠬᠤ᠂ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠣᠯ ᠤᠨ ᠵᠠᠮ ᠤᠨ ︽ᠲᠦᠷᠪᠡᠨ ᠰᠠᠮᠠᠭᠤᠨ ᠢ ᠴᠡᠪᠡᠷᠯᠡᠬᠦ︾ ᠤᠬᠠᠭᠤᠯᠭ᠎ᠠ | ᠬᠥᠮᠦᠵᠢᠯ ᠤᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠤᠯᠠᠨ ᠲᠦᠮᠡᠨ ᠢ ᠳᠠᠶᠢᠴᠢᠯᠠᠨ | ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ ᠶᠢ ᠨᠠᠶᠢᠳᠠᠪᠤᠷᠢᠵᠢᠭᠤᠯᠵᠤ᠂ ᠨᠣᠭᠤᠭᠠᠷᠠᠭᠤᠯᠤᠯᠲᠠ ᠶᠢ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ | ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠮᠤᠶᠢᠬᠦᠴᠢ ᠪᠠᠯᠭᠠᠰᠤ ᠶᠢ | ᠬᠠᠮᠲᠤᠪᠠᠷ ᠪᠦᠲᠦᠭᠡᠨ ᠪᠠᠶᠢᠭᠤᠯᠤᠨ᠎ᠠ᠃ | | |