ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠮᠥᠭᠦᠴᠢ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠦᠴᠦᠲᠡᠢ ᠴᠣᠬᠢᠯᠲᠠ | ᠥᠭᠴᠦ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ | ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠡᠷᠡᠰ ᠪᠠᠲᠤ ᠪᠠᠬᠢᠵᠢᠭᠦᠯᠪᠡ᠃ | ᠥᠨᠳᠥᠷ ᠪᠠᠶᠢᠷᠢᠨ ᠳᠤ ᠠᠬᠢᠭᠤᠯᠵᠤ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠤᠨ᠎ᠠ᠃ ᠮᠥᠬᠦᠴᠢ ᠪᠠᠯᠭᠠᠰᠤ ᠤᠢ ᠰᠢᠭᠤᠢ ᠡᠪᠡᠰᠦ ᠪᠡᠯᠴᠢᠭᠡᠷ ᠢ ᠡᠪᠳᠡᠵᠦ | ᠴᠢᠬᠢᠭ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ | ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠡᠳᠦᠷ ᠤᠨ ᠮᠡᠳᠡᠭᠦᠯᠦᠯᠲᠡ | ᠭᠠᠷᠠᠭ ᠤᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ︽ᠣᠶᠢᠯᠠᠭᠠᠵᠤ ᠭᠠᠳᠠᠭᠰᠢᠯᠠᠭᠤᠯᠬᠤ᠂ ᠴᠡᠭᠴᠡᠯᠡᠨ ᠰᠠᠶᠢᠵᠢᠷᠠᠭᠤᠯᠬᠤ ᠂ ᠬᠢᠨᠠᠨ | ᠬᠠᠮᠢᠶᠠᠷᠬᠤ︾ ᠪᠦᠬᠦ ᠬᠡᠯᠬᠢᠶ᠎ᠡ ᠶᠢᠨ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠴᠠᠭᠠᠵᠠ ᠠᠴᠠ | ᠵᠥᠷᠢᠴᠡᠭᠰᠡᠨ ᠡᠯ᠎ᠡ ᠳᠦᠷᠦᠯ ᠤᠨ ᠠᠵᠢᠯᠯᠠᠭ᠎ᠠ ᠳᠤ ᠡᠷᠡᠰ ᠴᠣᠬᠢᠯᠲᠠ ᠥᠭᠴᠡᠢ᠃ | ᠣᠯᠠᠨ ᠡᠰᠢᠲᠦ ᠤᠬᠠᠭᠤᠯᠭ᠎ᠠ ᠬᠢᠵᠦ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠣᠯᠠᠨ ᠲᠦᠮᠡᠨ ᠤ ᠠᠮᠢ ᠠᠬᠤᠢ ᠶᠢᠨ | ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠮᠥᠬᠦᠴᠢ ᠪᠠᠯᠭᠠᠰᠤ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠤᠬᠠᠭᠤᠯᠭ᠎ᠠ ᠶᠢᠨ | ᠠᠷᠭ᠎ᠠ ᠬᠡᠯᠪᠡᠷᠢ ᠶᠢ ᠠᠪᠴᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠲᠠᠯ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠪᠡ᠃ | ᠰᠦᠯᠵᠢᠶᠡᠨ ᠳᠡᠭᠡᠷ᠎ᠡ ᠪᠡᠶᠡᠲᠦ ᠪᠦᠷᠬᠦᠯᠲᠡ ᠬᠢᠪᠡ᠃ ︽ᠪᠠᠯᠭᠠᠰᠤ ︱ ᠲᠣᠰᠬᠤᠨ ︱ ᠲᠣᠣᠷᠵᠢᠯ︾ ᠭᠤᠷᠪᠠᠨ ᠱᠠᠲᠤᠨ ᠤ ᠸᠢᠴᠠᠲ ᠤᠨ ᠪᠦᠯᠦᠭᠯᠡᠯ ᠳᠤ | ᠲᠦᠰᠢᠭᠯᠡᠨ᠂ 2 ᠬᠤᠭᠤᠴᠠᠭ᠎ᠠ ᠤᠬᠠᠭᠤᠯᠭ᠎ᠠ ᠶᠢᠨ ᠸᠢᠳᠢᠤ᠋ ᠶᠢ ᠬᠦᠷᠭᠡᠨ ᠥᠭᠴᠦ᠂ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠨᠡᠶᠢᠲᠡᠯᠢᠭ ᠠᠰᠠᠭᠤᠳᠠᠯ ᠵᠢᠴᠢ | ᠨᠡᠶᠢᠲᠡᠯᠢᠭ ᠬᠡᠷᠡᠭ ᠤᠨ ᠵᠢᠱᠢᠶ᠎ᠡ ᠶᠢᠨ ᠸᠢᠳᠢᠤ᠋ ᠶᠢ 10 ᠭᠠᠷᠤᠢ ᠳᠠᠮᠵᠢᠭᠤᠯᠤᠨ ᠲᠠᠷᠬᠠᠭᠠᠵᠤ᠂ ᠨᠡᠶᠢᠲᠡ 2.7 ᠲᠦᠮᠡᠨ ᠬᠥᠮᠥᠨ ᠤᠳᠠᠭ᠎ᠠ ᠤᠩᠰᠢᠪᠠ᠃ ᠰᠦᠯᠵᠢᠶᠡᠨ | ᠭᠠᠳᠠᠨ᠎ᠠ ᠭᠦᠨᠵᠡᠭᠡᠢ ᠬᠦᠷᠦᠯᠴᠡᠭᠦᠯᠪᠡ᠃ ᠨᠠᠮ ᠤᠨ ᠬᠤᠷᠢᠶ᠎ᠠ ᠶᠢᠨ ᠣᠶ ᠰᠢᠭᠤᠢ ᠡᠪᠡᠰᠦ ᠪᠡᠯᠴᠢᠭᠡᠷ ᠢ ᠴᠡᠭᠴᠡᠯᠡᠨ ᠵᠠᠰᠠᠬᠤ ᠲᠤᠰᠬᠠᠢ ᠰᠡᠳᠦᠪᠲᠦ | ᠪᠠᠶᠢᠷᠢᠯᠠᠭᠤᠯᠤᠯᠲᠠ ᠶᠢᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠤᠬᠠᠭᠤᠯᠭ᠎ᠠ ᠶᠢᠨ ᠠᠵᠢᠯ ᠳᠤ ᠪᠥᠬᠦ ᠲᠠᠯ᠎ᠠ ᠶᠢᠨ | ᠲᠥᠯᠦᠪᠵᠢᠭᠦᠯᠭᠡ ᠪᠠ ᠨᠠᠷᠢᠨ ᠨᠢᠭᠲᠠ ᠪᠠᠶᠢᠷᠢᠯᠠᠭᠤᠯᠤᠯᠲᠠ ᠬᠢᠪᠡ︔ ᠪᠠᠯᠭᠠᠰᠤ ᠲᠣᠰᠬᠤᠨ ᠤ ᠣᠶ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ | ᠠᠵᠢᠯ ᠤᠨ ᠲᠣᠬᠢᠷᠠᠭᠤᠯᠬᠤ ᠬᠤᠷᠠᠯ ᠢ 3 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ ᠭᠦᠢᠴᠡᠳ ᠪᠠᠳᠠᠷᠠᠭᠤᠯᠵᠤ᠂ ᠪᠠᠯᠭᠠᠰᠤ ᠲᠣᠰᠬᠤᠨ ᠤ ᠺᠠᠳ᠋ᠷ᠂ | ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ᠂ ᠰᠦᠯᠵᠢᠶᠡᠨ ᠤ ᠠᠵᠢᠯᠲᠠᠨ ᠵᠡᠷᠭᠡ 152 ᠠᠵᠢᠯᠲᠠᠨ ᠢ ᠲᠠᠶᠢᠴᠢᠯᠠᠵᠦ᠂ ᠲᠠᠷᠢᠶᠠᠨ ᠭᠠᠵᠠᠷ᠂ ᠲᠣᠰᠬᠤᠨ ᠤ | ᠭᠡᠷ ᠪᠠᠶᠢᠰᠢᠩ ᠳᠤ ᠭᠦᠨᠵᠡᠭᠡᠶᠢᠷᠡᠭᠦᠯᠵᠦ᠂ ᠨᠢᠭᠤᠷᠳᠠᠨ ᠰᠣᠯᠢᠯᠴᠠᠬᠤ ᠠᠷᠭ᠎ᠠ ᠬᠡᠯᠪᠡᠷᠢ ᠪᠠᠷ ᠤᠢ ᠰᠢᠭᠤᠢ ᠡᠪᠡᠰᠦ ᠪᠡᠯᠴᠢᠭᠡᠷ ᠢ ᠬᠠᠮᠠᠭᠠᠯᠠᠬᠤ ᠲᠦᠷᠦ ᠶᠢᠨ | ᠪᠣᠳᠣᠯᠭ᠎ᠠ ᠶᠢ ᠨᠡᠶᠢᠳᠡ 19 ᠲᠣᠰᠬᠤᠨ ᠳᠤ 1000 ᠭᠠᠷᠤᠢ ᠬᠥᠮᠥᠨ ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ | ᠭᠦᠨᠵᠡᠭᠡᠢ ᠲᠤᠤᠱᠲᠠᠢ ᠲᠠᠶᠢᠯᠪᠤᠷᠢᠯᠠᠵᠤ᠂ ᠤᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠲᠠᠨᠢᠯᠲᠠ ᠪᠠ ᠣᠷᠣᠯᠴᠠᠬᠤ ᠬᠡᠮᠵᠢᠶ᠎ᠡ ᠶᠢ | ᠦᠨᠡᠨᠬᠦ ᠳᠡᠭᠡᠭᠰᠢᠯᠡᠭᠦᠯᠪᠡ᠃ | ᠨᠢᠭᠡᠳ ᠨᠢᠭᠡ ᠪᠠᠷ ᠰᠤᠳᠤᠯᠤᠨ ᠮᠠᠭᠠᠳᠯᠠᠵᠤ᠂ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠎ᠡ᠃ ᠮᠥᠬᠦᠴᠢ ᠪᠠᠯᠭᠠᠰᠤᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠨᠢ ᠬᠠᠤᠯᠢ ᠬᠡᠷᠡᠭᠵᠢᠭᠦᠯᠬᠦ ᠠᠩᠭᠢ᠂ ᠣᠶ ᠰᠢᠭᠤᠢ ᠶᠢᠨ ᠲᠣᠮᠢᠯᠠᠭᠰᠠᠨ | ᠰᠠᠯᠪᠤᠷᠢ ᠵᠡᠷᠭᠡ ᠣᠯᠠᠨ ᠨᠢᠭᠡᠴᠡ ᠲᠠᠢ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠵᠢᠷᠤᠭ ᠢ ᠬᠡᠰᠡᠭ ᠬᠡᠰᠡᠭ ᠢᠶᠠᠷ ᠲᠤᠬᠠᠢ ᠶᠢᠨ | ᠭᠠᠵᠠᠷ ᠲᠤᠨᠢ ᠬᠡᠮᠵᠢᠵᠦ᠂ ᠵᠢᠷᠤᠭ ᠳᠦᠷᠰᠦ ᠶᠢᠨ ᠬᠠᠷᠢᠴᠠᠭᠤᠯᠤᠯ ᠪᠠ ᠣᠳᠣᠬᠢ ᠪᠠᠶᠢᠳᠠᠯ ᠢ ᠬᠠᠷᠭᠤᠭᠤᠯᠤᠨ ᠪᠠᠶᠢᠴᠠᠭᠠᠵᠤ᠂ ᠤᠢ ᠰᠢᠭᠤᠢ ᠶᠢᠨ ᠡᠬᠡ ᠨᠣᠣᠷᠠᠭ ᠤᠨ | ᠵᠢᠷᠤᠭ ᠤᠨ ᠲᠣᠯᠪᠤ ᠶᠢᠨ ᠠᠰᠠᠭᠤᠳᠠᠯ ᠤᠨ ᠡᠬᠡ ᠲᠠᠩᠰᠠ ᠶᠢ ᠵᠡᠷᠭᠡᠪᠡᠷ ᠪᠠᠶᠢᠭᠤᠯᠵᠤ᠂ ︽ᠨᠢᠭᠡ ᠬᠡᠷᠡᠭ ᠲᠤ ᠨᠢᠭᠡ ᠲᠠᠩᠰᠠ ᠡᠪᠬᠡᠮᠡᠯ︾ ᠤᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠡᠷᠡᠭᠯᠡᠵᠦ᠂ ᠵᠢᠷᠤᠭ ᠤᠨ ᠲᠣᠯᠪᠤ ᠶᠢᠨ ᠰᠢᠨᠵᠢ ᠴᠢᠨᠠᠷ᠂ ᠠᠰᠠᠭᠤᠳᠠᠯ ᠤᠨ ᠦᠨᠳᠦᠰᠦ ᠰᠤᠷᠪᠤᠯᠵᠢ᠂ ᠴᠡᠭᠴᠡᠯᠡᠨ | ᠰᠠᠶᠢᠵᠢᠷᠠᠭᠤᠯᠬᠤ ᠳᠤ ᠬᠦᠴᠢᠷ ᠵᠡᠷᠭᠡ ᠡᠯᠧᠮᠧᠨ᠋ᠲ ᠤᠨ ᠲᠣᠭᠤᠷᠢᠨ ᠳᠤ ᠰᠢᠰᠲ᠋ᠧᠮ ᠲᠠᠢ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠦᠨ᠎ᠡ᠃ ︽ᠲᠦᠷᠦᠯ ᠬᠤᠪᠢᠶᠠᠨ | ᠰᠢᠢᠳᠪᠦᠷᠢᠯᠡᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠬᠡᠷᠡᠭ ᠲᠤ | ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠬᠠᠲᠠᠭᠤ ᠴᠢᠩᠭ᠎ᠠ ᠴᠡᠭᠴᠡᠯᠡᠨ ᠵᠠᠰᠠᠬᠤ ᠡᠷᠡᠰ ᠵᠣᠷᠢᠭ᠂ ᠰᠢᠷᠦᠭᠦᠨ ᠳᠠᠭᠠᠷᠢᠯᠲᠠ ᠶᠢᠨ | ᠬᠦᠴᠦᠯᠡᠴᠡ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ᠂ ᠦᠨᠡᠨ ᠪᠣᠳᠠᠲᠠᠢ ᠦᠷ᠎ᠡ ᠪᠦᠲᠦᠮᠵᠢ ᠲᠠᠢ | ᠪᠣᠯᠭᠠᠬᠤ ᠶᠢ ᠪᠠᠲᠤᠯᠠᠬᠤ ᠬᠡᠷᠡᠭᠲᠡᠢ᠃ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠵᠢᠭᠰᠠᠭᠠᠨ ᠪᠠᠶᠢᠴᠠᠭᠠᠵᠤ ᠭᠠᠷᠭᠠᠭᠰᠠᠨ | ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠭᠰᠡᠨ ᠵᠢᠷᠤᠭ ᠤᠨ ᠲᠣᠯᠪᠤ ᠶᠢ ᠭᠤᠷᠪᠠᠨ ᠱᠠᠲᠤᠨ ᠤ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ | ᠰᠢᠰᠲ᠋ᠧᠮ ᠢ ᠪᠠᠶᠢᠭᠤᠯᠵᠤ᠂ ᠲᠣᠰᠬᠤᠨ ᠤ ᠨᠠᠮ ᠤᠨ ᠡᠭᠦᠷ ᠤᠨ ᠱᠦᠵᠢ ᠪᠠᠷ ᠨᠢᠭᠡᠳᠦᠭᠡᠷ ᠬᠠᠷᠢᠭᠤᠴᠠᠯᠭᠠᠲᠠᠨ ᠪᠣᠯᠭᠠᠵᠤ᠂ ᠲᠣᠰᠬᠤᠨ ᠢ ᠳᠠᠭᠠᠭᠠᠴᠢᠯᠠᠨ ᠠᠵᠢᠯᠯᠠᠬᠤ | ᠳᠤᠭᠤᠶᠢᠯᠠᠩ᠂ ᠬᠤᠶᠠᠷ ᠵᠥᠪᠯᠡᠯ ᠤᠨ ᠪᠦᠷᠢᠯᠳᠦᠭᠦᠨ ᠬᠠᠮᠲᠤᠪᠠᠷ ᠲᠣᠭᠤᠷᠢᠨ ᠬᠠᠮᠠᠭᠠᠯᠠᠵᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠠᠬᠢᠨ | ᠬᠠᠭᠠᠯᠪᠤᠷᠢᠯᠠᠬᠤ᠂ ᠤᠢ ᠰᠢᠭᠤᠢ ᠠᠮᠤ ᠪᠤᠳᠠᠭ᠎ᠠ ᠶᠢ ᠠᠯᠠᠭᠯᠠᠨ ᠲᠠᠷᠢᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠵᠡᠭᠳᠡᠯ ᠢ ᠡᠷᠡᠰ | ᠬᠤᠷᠢᠭᠯᠠᠨ᠎ᠠ᠃ ᠬᠠᠤᠯᠢ ᠠᠴᠠ ᠵᠥᠷᠢᠴᠡᠭᠰᠡᠨ ᠬᠠᠷᠢᠭᠤᠴᠠᠯᠭ᠎ᠠ ᠲᠠᠢ ᠬᠥᠮᠥᠨ ᠯᠦᠭᠡ ᠴᠡᠭᠴᠡᠯᠡᠨ ᠰᠠᠶᠢᠵᠢᠷᠠᠭᠤᠯᠬᠤ ᠠᠮᠠᠯᠠᠯᠲᠠ ᠶᠢᠨ ᠪᠢᠴᠢᠭ ᠲᠣᠭᠲᠠᠵᠤ᠂ ︽ᠬᠡᠨ | ᠡᠪᠳᠡᠪᠡᠯ ᠲᠡᠷᠡ ᠰᠡᠯᠪᠢᠨ ᠵᠠᠰᠠᠬᠤ︾ ᠵᠠᠷᠴᠢᠮ ᠶᠣᠰᠣᠭᠠᠷ᠂ ᠣᠶᠢᠲᠤ ᠭᠠᠵᠠᠷ ᠢ ᠰᠡᠯᠪᠢᠨ ᠵᠠᠰᠠᠬᠤ᠂ ᠤᠷᠭᠤᠬᠤ ᠳᠤ ᠲᠣᠬᠢᠷᠠᠮᠵᠢᠲᠠᠢ ᠡᠪᠡᠰᠦ ᠳᠠᠷᠢᠬᠤ ᠵᠡᠷᠭᠡ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠪᠦᠲᠦᠮᠵᠢᠲᠡᠶ ᠪᠡᠶᠡᠯᠡᠭᠦᠯᠬᠦ ᠶᠢ ᠰᠢᠮᠳᠠᠭᠤᠯᠬᠤ ᠬᠡᠷᠡᠭᠲᠡᠢ᠃ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ | ᠪᠡᠶᠡᠯᠡᠭᠦᠯᠦᠭᠰᠡᠨ ᠦᠭᠡᠢ ᠪᠠᠶᠢᠪᠠᠯ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯᠲᠠᠨ ᠰᠢᠢᠳᠪᠦᠷᠢᠯᠡᠵᠦ᠂ ᠲᠤᠬᠠᠢ ᠶᠢᠨ ᠭᠠᠵᠠᠷ ᠲᠤᠨᠢ ᠰᠡᠷᠭᠦᠭᠡᠬᠦ᠂ ᠴᠡᠭᠴᠡᠯᠡᠨ | ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠤᠯᠲᠠ ᠬᠢᠵᠦ᠂ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ᠎ᠠ᠃ ᠬᠠᠤᠯᠢ ᠵᠥᠷᠢᠴᠡᠭᠰᠡᠨ | ᠬᠠᠷᠢᠭᠤᠴᠠᠯᠭᠠᠲᠠᠨ ᠤ ᠴᠡᠭᠴᠡᠯᠡᠨ ᠰᠠᠶᠢᠵᠢᠷᠠᠭᠤᠯᠤᠭᠰᠠᠨ ᠭᠠᠵᠠᠷ ᠢ ᠨᠠᠮ ᠵᠠᠰᠠᠭ ᠤᠨ ᠭᠤᠣᠯ ᠤᠳᠤᠷᠢᠳᠤᠯᠭ᠎ᠠ ᠨᠢ ᠣᠶ ᠰᠢᠭᠤᠢ ᠵᠢᠴᠢ ᠬᠠᠤᠯᠢ ᠬᠡᠷᠡᠭᠵᠢᠭᠦᠯᠬᠦ ᠵᠡᠷᠭᠡ | ᠣᠯᠠᠨ ᠰᠠᠯᠠᠭ᠎ᠠ ᠮᠥᠴᠢᠷ ᠲᠠᠢ ᠬᠠᠮᠲᠤ ᠪᠠᠷ ᠲᠤᠬᠠᠢ ᠶᠢᠨ ᠭᠠᠵᠠᠷ ᠲᠤᠨᠢ ᠬᠦᠷᠴᠦ ᠬᠠᠷᠭᠤᠭᠤᠯᠤᠨ ᠪᠠᠶᠢᠴᠠᠭᠠᠵᠤ᠂ ᠵᠠᠯᠠᠨ ᠠᠶᠢᠯ ᠤᠨ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠦᠷᠢᠮ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠰᠢᠯᠭᠠᠨ ᠬᠤᠷᠢᠶᠠᠵᠤ᠂ ᠰᠢᠯᠭᠠᠨ | ᠠᠪᠬᠤ ᠳᠤ ᠬᠢᠷᠢ ᠲᠡᠩᠴᠡᠭᠰᠡᠨ ᠭᠠᠵᠠᠷ ᠢ ᠬᠢᠨᠠᠨ ᠬᠠᠮᠢᠶᠠᠷᠬᠤ ᠬᠠᠷᠢᠭᠤᠴᠠᠯᠭᠠᠲᠠᠨ ᠢ ᠦᠷᠭᠦᠯᠵᠢᠯᠡᠨ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ | ︽ᠡᠷᠬᠢᠨ ᠬᠠᠷᠠᠬᠤ︾ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠬᠠᠷᠢᠭᠤᠴᠠᠯᠭᠠᠲᠠᠨ ᠢ ᠦᠷᠭᠦᠯᠵᠢᠯᠡᠨ ᠬᠠᠮᠢᠶᠠᠷᠴᠤ ᠬᠠᠮᠠᠭᠠᠯᠠᠬᠤ | ᠠᠵᠢᠯ ᠢ ᠰᠠᠶᠢᠲᠤᠷ ᠬᠢᠵᠦ᠂ ᠡᠳᠡᠭᠡᠷᠡᠯᠲᠡ ᠶᠢᠨ ᠨᠣᠷᠮ᠎ᠠ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠬᠢᠷᠢ ᠲᠡᠩᠴᠡᠬᠦ ᠦᠭᠡᠢ ᠭᠠᠵᠠᠷ ᠰᠢᠷᠣᠢ ᠶᠢ | ᠬᠠᠷᠢᠭᠤᠴᠠᠯᠭᠠᠲᠠᠨ ᠨᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠳᠠᠬᠢᠨ ᠨᠢᠭᠡ ᠤᠳᠠᠭ᠎ᠠ ᠰᠢᠯᠭᠠᠨ ᠬᠤᠷᠢᠶᠠᠵᠤ᠂ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠮᠤᠶᠢᠬᠦᠴᠢ ᠪᠠᠯᠭᠠᠰᠤ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ︽ᠬᠥᠬᠡᠮᠳᠦᠭ ᠠᠭᠤᠯᠠ ᠶᠢ ᠰᠢᠨᠲᠠᠷᠠᠰᠢ ᠦᠭᠡᠢ ᠲᠡᠮᠡᠴᠡᠬᠦ︾ | ᠡᠷᠴᠢ ᠵᠣᠷᠢᠭ ᠪᠣᠯᠣᠨ ︽ᠠᠰᠠᠷ ᠤᠨ ᠴᠠᠬᠢᠷᠮ᠎ᠠ ᠶᠢ ᠡᠪᠳᠡᠬᠦ ᠦᠭᠡᠢ ᠪᠣᠯ ᠡᠴᠦᠰ ᠲᠡᠭᠡᠨ ᠪᠤᠴᠠᠬᠤ ᠦᠭᠡᠢ︾ ᠡᠷᠡᠰ ᠵᠣᠷᠢᠭ ᠢᠶᠠᠷ᠂ ᠤᠢ ᠰᠢᠭᠤᠢ ᠡᠪᠡᠰᠦ | ᠪᠡᠯᠴᠢᠭᠡᠷ ᠢ ᠡᠪᠳᠡᠵᠦ ᠴᠢᠭᠢᠭ ᠢ ᠡᠪᠳᠡᠵᠦ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠳᠤ ᠮᠦᠭᠦᠴᠢ ᠶᠢᠨ ᠬᠦᠴᠦᠨ ᠴᠢᠳᠠᠯ ᠢᠶᠠᠨ ᠡᠷᠭᠦᠨ᠎ᠡ᠃ | | |