ᠨᠠᠨᠮᠦ ᠣᠷᠴᠣᠨ ᠤ ᠦᠨᠳᠦᠰᠦᠲᠡᠨ ᠤ ᠰᠢᠶᠠᠩ᠄ ᠣᠶ ᠰᠢᠭᠤᠢ ᠨᠤᠲᠤᠭ ᠳᠡᠪᠢᠰᠬᠡᠷ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2025/5/16
    ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠤᠯᠢ  ᠠᠴᠠ ᠵᠥᠷᠢᠴᠡᠭᠰᠡᠨ ᠲᠣᠯᠪᠣᠲᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃  ᠨᠠᠨᠮᠦ ᠣᠷᠴᠣᠨ ᠤ ᠦᠨᠳᠦᠰᠦᠲᠡᠨ ᠤ ᠰᠢᠶᠠᠩ ᠤᠨ ᠬᠢᠨ ︽ᠴᠢᠩᠭ᠎ᠠ ᠬᠠᠷᠭᠤᠭᠤᠯᠤᠨ ᠪᠠᠶᠢᠴᠠᠭᠠᠵᠤ᠂ ᠰᠡᠷᠭᠦᠭᠡᠨ ᠵᠠᠰᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠥᠷᠭᠡᠨ ᠢᠶᠠᠷ ᠤᠬᠠᠭᠤᠯᠬᠤ︾ ᠳᠥᠷᠪᠡᠨ ᠶᠡᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠬᠤᠯᠪᠣᠭᠳᠠᠭᠰᠠᠨ ᠬᠡᠰᠡᠭ ᠭᠠᠵᠠᠷ ᠲᠤ ︽ᠨᠥᠬᠦᠵᠦ ᠳᠠᠷᠢᠵᠤ ᠨᠣᠭᠤᠭᠠᠷᠠᠭᠤᠯᠬᠤ︾ ᠠᠵᠢᠯ ᠬᠢᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃    ᠣᠶᠢᠷ᠎ᠠ  ᠶᠢᠨ ᠡᠳᠦᠷ  ᠲᠤ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠦ᠋ ᠴᠧᠨ ᠪᠢᠨ ᠠᠩᠭᠢ ᠳᠠᠭᠠᠭᠤᠯᠤᠨ ᠬᠠᠤᠯᠢ  ᠠᠴᠠ ᠵᠥᠷᠢᠴᠡᠭᠰᠡᠨ ᠵᠢᠷᠤᠭ  ᠤᠨ ᠲᠣᠯᠪᠤ ᠳᠤ ᠭᠦᠨᠵᠡᠭᠡᠶᠢᠷᠡᠨ ᠤᠷᠭᠤᠮᠠᠯ ᠤᠨ ᠬᠤᠴᠢᠯᠭ᠎ᠠ  ᠶᠢ ᠰᠡᠷᠭᠦᠭᠡᠭᠰᠡᠨ ᠪᠠᠶᠢᠳᠠᠯ  ᠢ ᠲᠤᠬᠠᠢ  ᠶᠢᠨ ᠭᠠᠵᠠᠷ ᠲᠤᠨᠢ ᠰᠢᠪᠠᠳᠠᠨ ᠱᠠᠭᠠᠷᠳᠠᠵᠤ ᠪᠠᠶᠢᠨ᠎ᠠ᠃ ᠡᠯ᠎ᠡ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠢ ᠬᠠᠪᠤᠷ ᠤᠨ ᠤᠯᠠᠷᠢᠯ ᠤᠨ ᠡᠪᠡᠰᠦ ᠮᠣᠳᠣ ᠨᠣᠭᠤᠭᠠᠷᠠᠬᠤ ᠬᠤᠭᠤᠴᠠᠭ᠎ᠠ ᠶᠢ ᠠᠮᠵᠢᠨ ᠠᠳᠬᠤᠵᠤ᠂ ︽ᠴᠡᠭᠴᠡᠯᠡᠨ ᠵᠠᠰᠠᠬᠤ ᠪᠠ ᠵᠠᠰᠠᠨ ᠰᠡᠷᠭᠦᠭᠡᠬᠦ ᠶᠢ ᠵᠡᠷᠭᠡᠪᠡᠷ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠨ᠂ ᠲᠣᠯᠪᠣᠲᠤ ᠭᠠᠵᠠᠷ ᠢ ᠴᠡᠭᠴᠡᠯᠡᠨ ᠰᠠᠶᠢᠵᠢᠷᠠᠭᠤᠯᠬᠤ ᠠᠬᠢᠴᠠ ᠪᠣᠯᠣᠨ ᠶᠠᠰᠤ ᠴᠢᠨᠠᠷ ᠢ ᠴᠢᠩᠭ᠎ᠠ ᠠᠩᠬᠠᠷᠴᠤ᠂ ᠨᠣᠭᠤᠭᠠᠷᠠᠭᠤᠯᠤᠯᠲᠠ ᠶᠢ ᠰᠡᠷᠭᠦᠭᠡᠬᠦ ᠠᠬᠢᠴᠠ ᠶᠢ ᠮᠥᠷᠳᠡᠨ ᠬᠢᠨᠠᠨ ᠵᠢᠯᠤᠭᠤᠳᠴᠤ᠂ ᠰᠡᠷᠭᠦᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠨᠢᠭᠡᠨᠲᠡ ᠪᠠᠶᠢᠴᠠᠭᠠᠨ ᠰᠢᠢᠳᠪᠦᠷᠢᠯᠡᠭᠰᠡᠨ ᠬᠠᠤᠯᠢ ᠠᠴᠠ ᠵᠥᠷᠢᠴᠡᠭᠰᠡᠨ ᠬᠡᠰᠡᠭ ᠭᠠᠵᠠᠷ ᠲᠤ ︽ᠰᠡᠷᠡᠮᠵᠢᠯᠡᠭᠦᠯᠬᠦ ᠫᠠᠶᠢᠰᠠ᠂ ᠰᠡᠷᠡᠮᠵᠢᠯᠡᠭᠦᠯᠬᠦ ᠲᠤᠭ ᠪᠣᠰᠬᠠᠬᠤ᠂ ᠡᠳᠦᠷ ᠪᠦᠷᠢ ᠲᠣᠭᠤᠷᠢᠨ ᠪᠠᠶᠢᠴᠠᠭᠠᠬᠤ︾ ᠠᠷᠭ᠎ᠠ ᠮᠠᠶ᠋ᠢᠭ ᠢ ᠬᠡᠷᠡᠭᠵᠢᠭᠦᠯᠵᠦ᠂ ᠲᠠᠬᠢᠨ ᠲᠠᠷᠢᠶᠠᠯᠠᠵᠤ ᠲᠠᠬᠢᠨ ᠬᠠᠭᠠᠯᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠰᠢᠶᠠᠩ᠂ ᠲᠣᠰᠬᠤᠨ ︵ᠣᠶ ᠰᠢᠭᠤᠢ ᠶᠢᠨ ᠲᠠᠯᠠᠪᠠᠶ︶ ᠬᠤᠶᠠᠷ ᠱᠠᠲᠤᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠳᠠᠲᠠᠶᠢᠵᠢᠭᠤᠯᠵᠤ᠂ ︽ᠲᠣᠥᠷᠵᠢᠭᠤᠯᠤᠭᠰᠠᠨ︾ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢᠨ ᠲᠣᠭᠤᠷᠢᠭ ᠢ ᠬᠥᠮᠥᠨ ᠳᠠᠷᠠᠭᠠᠯᠠᠨ ᠲᠣᠭᠲᠠᠭᠠᠵᠤ᠂ ᠭᠠᠵᠠᠷ ᠪᠣᠯᠭᠠᠨ ᠳᠤ ᠨᠢᠭᠡ ᠲᠣᠰᠬᠤᠨ ︵ᠣᠶ ᠰᠢᠭᠤᠢ ᠶᠢᠨ ᠲᠠᠯᠠᠪᠠᠶ︶ ᠤ ᠺᠠᠳ᠋ᠷ ᠪᠠ ᠰᠢᠶᠠᠩ ᠤᠨ ᠺᠠᠳ᠋ᠷ ᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ ᠰᠡᠷᠭᠦᠭᠡᠬᠦ ᠠᠵᠢᠯ ᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠵᠤ᠂ ᠤᠯᠠᠨ ᠲᠦᠮᠡᠨ ᠤ ᠬᠢᠨᠠᠯᠲᠠ ᠲᠠᠯᠪᠢᠬᠤ ᠶᠢ ᠵᠣᠷᠢᠭᠵᠢᠭᠤᠯᠵᠤ᠂ ᠪᠦᠬᠦ ᠠᠷᠠᠳ ᠢᠶᠠᠷ ᠢᠶᠠᠨ ᠬᠠᠮᠲᠤ ᠪᠠᠷ ᠬᠠᠮᠢᠶᠠᠷᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠳᠡᠭᠡᠷ᠎ᠡ ᠪᠠᠨ ︽ᠡᠷᠴᠢ ᠵᠣᠷᠢᠭ︾ ᠢ ᠬᠥᠪᠴᠢᠯᠡᠵᠦ᠂ ᠬᠠᠷᠢᠭᠤᠴᠠᠯᠭ᠎ᠠ ᠶᠢᠨ ᠲᠠᠯ᠎ᠠ ᠪᠠᠷ ︽ᠲᠤᠶᠢᠯ︾ ᠳᠤᠨᠢ ᠲᠤᠯᠲᠠᠯ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠲᠤᠶᠢᠯᠪᠤᠷᠢᠲᠠᠢ ᠪᠥᠭᠡᠳ ᠲᠠᠬᠢᠨ ᠰᠡᠷᠭᠦᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠨᠠᠨᠮᠤ  ᠣᠷᠴᠣᠨ  ᠦᠨᠳᠦᠰᠦᠲᠡᠨ ᠤ ᠰᠢᠶᠠᠩ ᠤᠨ ᠬᠢᠨ ᠬᠠᠤᠯᠢ ᠠᠴᠠ ᠵᠥᠷᠢᠴᠡᠭᠰᠡᠨ ᠲᠦᠷᠦᠯ ᠵᠦᠢᠯ ᠢ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢᠨ ᠬᠠᠮᠲᠤ ᠦᠷᠭᠦᠯᠵᠢᠯᠡᠨ ᠬᠢᠨᠠᠨ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠵᠤ᠂ ᠤᠷᠭᠤᠮᠠᠯ ᠤᠨ ᠬᠤᠴᠢᠯᠭ᠎ᠠ ᠶᠢᠨ ᠢᠳᠡᠷᠡᠭᠦᠨ ᠢᠶᠠᠷ ᠦᠰᠦᠨ ᠪᠣᠶᠢᠵᠢᠬᠤ ᠶᠢ ᠪᠠᠲᠤᠯᠠᠵᠤ᠂ ᠠᠮᠢ ᠠᠬᠤᠢ ᠶᠢᠨ ᠴᠢᠳᠠᠪᠬᠢ ᠶᠢ ᠡᠷᠲᠡᠬᠡᠨ ᠰᠡᠷᠭᠦᠭᠡᠬᠦ ᠶᠢ ᠪᠠᠲᠤᠯᠠᠵᠤ᠂ ︽ᠬᠥᠷᠥᠰᠥ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠲᠠᠢ᠂ ᠬᠥᠷᠥᠰᠥ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ︾ ᠶᠢ ᠦᠨᠡᠨᠬᠦ ᠪᠡᠶᠡᠯᠡᠭᠦᠯᠦᠨ᠎ᠡ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ