ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠭᠦᠳᠡ ᠶᠢ ᠲᠣᠭᠰᠢᠵᠤ  ᠭᠡᠨᠡᠳᠲᠡ ᠶᠢᠨ ᠬᠡᠷᠡᠭ ᠤᠨ ᠬᠠᠮᠠᠭᠠᠯᠠᠯᠲᠠ ᠶᠢᠨ ᠪᠠᠮᠪᠠᠢ ᠶᠢ ᠲᠤᠯᠵᠤ    ᠳ᠋ᠠ ᠾᠧ ᠸᠠᠨ ᠪᠠᠯᠭᠠᠰᠤ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠨᠡᠳᠲᠡ ᠶᠢᠨ ᠭᠡᠮᠲᠦᠯ ᠤᠨ ᠳᠠᠭᠠᠳᠬᠠᠯ ᠤᠨ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2025/5/16
    ᠭᠡᠷ ᠢᠶᠠᠨ ᠰᠠᠬᠢᠵᠤ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠳ᠋ᠠ ᠾᠧ ᠸᠠᠨ ᠪᠠᠯᠭᠠᠰᠤᠨ ᠤ ᠬᠡᠦᠬᠡᠳ ᠤᠨ ᠬᠢᠨᠠᠨ ᠵᠢᠯᠣᠭᠤᠳᠤᠭᠴᠢ ᠠᠴᠠ 16 ᠬᠡᠦᠬᠡᠳ ᠤᠨ ᠡᠷᠬᠢᠯᠡᠭᠴᠢ ᠶᠢ ᠵᠣᠬᠢᠶᠠᠨ ᠪᠠᠶᠢᠭᠤᠯᠵᠤ ᠭᠡᠨᠡᠳᠲᠡ ᠶᠢᠨ ᠭᠡᠮᠲᠦᠯ ᠤᠨ ᠳᠠᠭᠠᠳᠬᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ᠡᠯ᠎ᠡ ᠲᠣᠰᠬᠤᠨ ︵ᠨᠡᠶᠢᠭᠡᠮ ᠲᠣᠭᠤᠷᠢᠭ︶ ᠢᠶᠠᠷ ᠤᠬᠠᠭᠤᠯᠭ᠎ᠠ ᠶᠢᠨ ᠥᠷᠲᠡᠭᠡ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠠᠰᠢᠭᠯᠠᠨ᠂ ᠸᠢᠴᠠᠲ ᠤᠨ ᠠᠵᠢᠯ ᠤᠨ ᠪᠦᠯᠦᠭ᠂ ᠨᠠᠶᠢᠵᠠ ᠶᠢᠨ ᠲᠣᠭᠤᠷᠢᠭ ᠤᠨ ᠳᠠᠮᠵᠢᠭᠤᠯᠤᠨ ᠲᠠᠷᠬᠠᠭᠠᠬᠤ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠵᠢᠴᠢ ᠴᠠᠭ  ᠲᠣᠬᠠᠢ ᠳᠤᠨᠢ᠂ ᠠᠮᠢᠳᠤᠯᠢᠭ᠂ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠬᠠᠭᠤᠯᠪᠠ᠃ ᠡᠭᠦᠨ ᠤ ᠬᠠᠮᠲᠤ᠂ ᠬᠡᠦᠬᠡᠳ ᠤᠨ ᠬᠢᠨᠠᠨ ᠵᠢᠯᠣᠭᠤᠳᠤᠭᠴᠢ ᠪᠣᠯᠣᠨ ᠬᠡᠦᠬᠡᠳ ᠤᠨ ᠡᠷᠬᠢᠯᠡᠭᠴᠢ ᠠᠴᠠ ᠬᠠᠷᠢᠶᠠᠲᠤ ᠣᠷᠣᠨ ᠤ ᠭᠡᠷ ᠢᠶᠠᠨ ᠰᠠᠬᠢᠵᠤ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠴᠢᠭᠯᠡᠭᠦᠯᠦᠨ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠳᠠᠭᠠᠳᠬᠠᠯ ᠤᠨ ᠲᠥᠷᠥᠯ ᠵᠦᠢᠯ᠂ ᠳᠠᠭᠠᠳᠬᠠᠯ ᠤᠨ ᠬᠤᠭᠤᠴᠠᠭ᠎ᠠ ᠬᠢᠵᠠᠭᠠᠷ᠂ ᠳᠠᠭᠠᠳᠬᠠᠯ ᠤᠨ ᠬᠦᠷᠢᠶ᠎ᠡ ᠬᠡᠪᠴᠢᠶ᠎ᠡ᠂ ᠲᠥᠯᠥᠬᠦ ᠵᠣᠭᠤᠰ ᠤᠨ ᠲᠤᠭ᠎ᠠ ᠵᠢᠴᠢ ᠰᠠᠨᠠᠭᠠᠨ ᠳᠤ ᠦᠭᠡᠢ ᠪᠠᠶᠢᠳᠠᠯ ᠤᠨ ᠳᠠᠭᠠᠳᠬᠠᠯ ᠤᠨ ᠦᠢᠯᠡᠴᠢᠯᠡᠭᠡᠨ ᠤ   ᠬᠠᠷᠢᠯᠴᠠᠬᠤ ᠣᠳᠠᠰᠣ ᠶᠢ ᠨᠠᠷᠢᠨ ᠲᠠᠶᠢᠯᠪᠤᠷᠢᠯᠠᠵᠤ᠂ ᠭᠡᠷ ᠲᠡᠭᠡᠨ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤᠮᠳᠠ ᠰᠠᠨᠠᠭᠠᠨ ᠳᠤ ᠦᠭᠡᠢ ᠶᠠᠪᠤᠳᠠᠯ ᠲᠣᠬᠢᠶᠠᠯᠳᠤᠪᠠᠯ ᠲᠡᠷᠡ ᠳᠠᠷᠤᠢ ᠳᠤᠨᠢ ᠪᠦᠲᠦᠮᠵᠢᠲᠡᠶ ᠬᠠᠪᠰᠤᠷᠤᠯᠭ᠎ᠠ ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃    ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠨᠠᠩ ᠣᠯᠠᠨ ᠬᠦᠴᠢᠷᠳᠡᠯ ᠳᠤ ᠲᠤᠯᠭᠠᠷᠠᠭᠰᠠᠨ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠭᠡᠷ ᠪᠦᠯᠢ ᠳᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠦᠨᠡᠨ ᠬᠦ ᠬᠡᠷᠡᠭᠴᠡᠭᠡ ᠲᠠᠢ ᠬᠡᠦᠬᠡᠳ ᠢ ᠬᠠᠪᠰᠤᠷᠤᠨ ᠤᠯᠤᠰ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠡᠳ᠋ᠯᠡᠭᠦᠯᠬᠦ ᠶᠢᠨ ᠬᠠᠮᠲᠤ ᠪᠥᠬᠦ ᠨᠡᠶᠢᠭᠡᠮ ᠢᠶᠠᠷ ᠢᠶᠠᠨ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ